ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠪᠣᠯ ᠠᠵᠤ ᠠᠬᠤᠶᠢᠯᠠᠯ ᠤᠨ ᠬᠠᠮᠢᠶᠠᠷᠤᠯᠲᠠ ᠶᠢ ᠠᠬᠢᠭᠤᠯᠬᠤ ᠶᠠᠪᠤᠴᠠ ᠳᠠᠬᠢ ᠴᠢᠬᠤᠯᠠ | ᠭᠤᠭᠴᠤᠭ᠎ᠠ ᠮᠥᠨ᠃ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠢ ᠰᠢᠢᠳᠪᠦᠷᠢᠯᠡᠬᠦ ᠨᠢ ᠠᠵᠤ | ᠠᠬᠤᠶᠢᠯᠠᠯ ᠤᠨ ᠡᠶ᠎ᠡ ᠵᠣᠬᠢᠴᠠᠯ ᠲᠠᠢ ᠲᠣᠭᠲᠠᠭᠤᠨ ᠪᠥᠭᠡᠳ ᠦᠷᠭᠦᠯᠵᠢᠯᠡᠨ ᠬᠥᠭᠵᠢᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠳᠦᠷᠢᠮ ᠤᠨ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠳᠠᠭᠠᠯᠳᠤᠨ᠂ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠢ | ᠨᠡᠶᠢᠭᠡᠮ ᠤᠨ ᠪᠠᠶᠢᠳᠠᠯ ᠤᠨ ᠬᠥᠭᠵᠢᠯᠲᠡ ᠳᠤ ᠵᠣᠬᠢᠴᠠᠭᠤᠯᠤᠨ᠂ ᠠᠷᠠᠳᠴᠢᠯᠠᠭᠰᠠᠨ ᠬᠠᠮᠢᠶᠠᠷᠤᠯᠲᠠ ᠪᠠ ᠦᠵᠡᠯ ᠤᠬᠠᠮᠰᠠᠷ ᠤᠨ ᠭᠡᠯᠪᠡᠷᠢ ᠶᠢᠨ ᠵᠣᠬᠢᠴᠠᠯᠳᠤᠨ | ᠬᠥᠭᠵᠢᠬᠦ ᠶᠢ ᠦᠨᠡᠨ ᠬᠦ ᠪᠡᠶᠡᠯᠡᠭᠦᠯᠵᠦ᠂ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠬᠦ | ᠬᠡᠷᠡᠭᠲᠡᠢ᠃ ᠦᠨᠳᠦᠰᠦᠨ ᠱᠠᠲᠤᠨ ᠤ ᠴᠠᠭᠢᠯᠭᠠᠨ ᠬᠠᠩᠭᠠᠬᠤ ᠬᠤᠪᠢᠶᠠᠷᠢ ᠺᠤᠮᠫᠠᠨᠢ ᠶᠢᠨ ᠵᠠᠬᠢᠳᠠᠯ ᠰᠤᠷᠪᠤᠯᠵᠢᠯᠠᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠣᠳᠠᠲᠠᠢ | ᠦᠢᠯᠡᠳᠦᠯᠭᠡ ᠳᠤᠮᠳᠠ ᠪᠠᠨ ᠵᠠᠬᠢᠳᠠᠯ ᠰᠤᠷᠪᠤᠯᠵᠢᠯᠠᠯ ᠤᠨ ᠠᠵᠢᠯ ᠢ ᠬᠢᠨᠠᠮᠠᠭᠠᠢ ᠰᠠᠶᠢᠲᠤᠷ ᠬᠢᠬᠦ ᠲᠤᠬᠠᠢ ᠡᠳᠦᠢ ᠲᠡᠳᠦᠢ ᠪᠣᠳᠣᠯᠬᠢᠯᠠᠯ ᠪᠠ ᠲᠠᠨᠢᠯᠲᠠ ᠲᠠᠢ ᠪᠣᠯᠵᠠᠢ᠃ | ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠬᠤ ᠪᠣᠯ ᠠᠵᠤ ᠠᠬᠤᠶᠢᠯᠠᠯ ᠤᠨ ᠦᠷᠭᠦᠯᠵᠢᠯᠡᠬᠦ ᠬᠥᠭᠵᠢᠯᠲᠡ ᠶᠢᠨ ᠬᠡᠷᠡᠭᠴᠡᠭᠡ ᠮᠥᠨ᠂ ᠡᠨᠡ ᠨᠢ | ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ | ᠬᠥᠮᠥᠨ ᠪᠣᠯ ᠦᠢᠯᠡᠳᠪᠦᠷᠢᠯᠡᠯ ᠤᠨ ᠬᠦᠴᠦᠨ ᠤ ᠨᠢᠭᠡᠳᠦᠭᠡᠷ ᠡᠯᠧᠮᠧᠨ᠋ᠲ ᠮᠥᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ᠂ | ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠭᠡᠰᠡᠨ ᠦᠭᠡᠢ᠂ ᠠᠵᠢᠯᠲᠠᠨ ᠠᠵᠢᠯᠴᠢᠨ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠰᠠᠭᠤᠷᠢ ᠮᠥᠨ᠃ ᠠᠵᠤ | ᠠᠬᠤᠶᠢᠯᠠᠯ ᠤᠨ ᠬᠥᠭᠵᠢᠯᠲᠡ ᠨᠢ ᠡᠶ᠎ᠡ ᠵᠣᠬᠢᠴᠠᠯ ᠲᠠᠢ ᠲᠣᠭᠲᠠᠭᠤᠨ ᠭᠦᠳᠡᠯᠮᠦᠷᠢ ᠶᠢᠨ ᠬᠠᠷᠢᠴᠠᠭ᠎ᠠ ᠠᠴᠠ ᠰᠠᠯᠵᠤ ᠴᠢᠳᠠᠬᠤ ᠦᠭᠡᠢ᠂ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠲᠣᠭᠤᠷᠢᠨ ᠠᠴᠠ ᠰᠠᠯᠵᠤ ᠴᠢᠳᠠᠬᠤ ᠦᠭᠡᠢ᠃ ᠵᠠᠬᠢᠳᠠᠯ ᠰᠤᠷᠪᠤᠯᠵᠢᠯᠠᠯ ᠤᠨ ᠠᠵᠢᠯ ᠪᠣᠯ ᠠᠷᠠᠳᠴᠢᠯᠠᠯ ᠢ ᠪᠠᠳᠠᠷᠠᠭᠤᠯᠬᠤ᠂ ᠬᠢᠨᠠᠯᠲᠠ ᠶᠢ | ᠬᠦᠯᠢᠶᠡᠬᠦ᠂ ᠤᠳᠤᠷᠢᠳᠬᠤ ᠺᠠᠳ᠋ᠷ ᠪᠠ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠴᠢᠬᠤᠯᠠ ᠠᠷᠭ᠎ᠠ ᠵᠠᠮ ᠮᠥᠨ᠂ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠬᠤ ᠡᠰᠡᠬᠦ ᠶᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠮᠥᠨ᠂ ᠠᠵᠤ ᠠᠬᠤᠶᠢᠯᠠᠯ ᠤᠨ ᠡᠯ᠎ᠡ ᠵᠦᠢᠯ ᠤᠨ ᠠᠵᠢᠯ ᠤᠨ ᠦᠷ᠎ᠡ ᠪᠦᠲᠦᠭᠡᠯ ᠢ | ᠰᠢᠯᠭᠠᠬᠤ ᠭᠦᠢᠴᠡᠳᠬᠡᠯ ᠲᠤᠭ᠎ᠠ ᠮᠥᠨ᠃ ᠥᠨᠳᠥᠷ ᠪᠦᠲᠦᠮᠵᠢᠲᠡᠢ ᠵᠦᠢ ᠵᠣᠬᠢᠰᠲᠠᠢ ᠵᠠᠬᠢᠳᠠᠯ ᠰᠤᠷᠪᠤᠯᠵᠢᠯᠠᠯ ᠤᠨ ᠠᠵᠢᠯ ᠨᠢ ᠵᠥᠷᠢᠴᠡᠯ ᠢ ᠴᠠᠭ ᠲᠤᠬᠠᠢ ᠳᠤᠨᠢ | ᠪᠦᠲᠦᠮᠵᠢᠲᠡᠢ ᠰᠢᠢᠳᠪᠦᠷᠢᠯᠡᠵᠦ᠂ ᠠᠵᠢᠯᠲᠠᠨ ᠤ ᠢᠳᠡᠪᠬᠢᠵᠢᠯ ᠢ ᠳᠠᠶᠢᠴᠢᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠵᠢᠯᠲᠠᠨ ᠤ ᠬᠠᠷᠢᠶᠠᠯᠠᠭᠳᠠᠬᠤ | ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠵᠦ᠂ ᠰᠠᠶᠢᠨ ᠰᠠᠶᠢᠬᠠᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠪᠠ ᠨᠡᠯᠢᠶᠡᠳ | ᠰᠠᠶᠢᠨ ᠨᠡᠶᠢᠭᠡᠮ ᠤᠨ ᠨᠥᠯᠥᠭᠡ ᠶᠢ ᠪᠦᠷᠢᠯᠳᠦᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ᠂ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠴᠢᠨᠠᠷᠲᠠᠢ ᠦᠢᠯᠡᠳᠦᠯ ᠲᠠᠢ ᠶᠤᠮ᠃ | ᠵᠠᠬᠢᠳᠠᠯ ᠰᠤᠷᠪᠤᠯᠵᠢᠯᠠᠯ ᠤᠨ ᠠᠵᠢᠯ ᠪᠣᠯ ᠠᠵᠢᠯᠲᠠᠨ ᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠬᠤᠯᠠ ᠠᠷᠭ᠎ᠠ ᠵᠠᠮ ᠮᠥᠨ᠃ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠠᠬᠢᠳᠠᠯ ᠰᠤᠷᠪᠤᠯᠵᠢᠯᠠᠯ ᠤᠨ ᠭᠡᠯᠪᠡᠷᠢ ᠪᠠᠷ ᠥᠪᠡᠷ ᠤᠨ ᠠᠵᠢᠯ ᠤᠨ ᠳᠤᠮᠳᠠ ᠲᠣᠬᠢᠶᠠᠯᠳᠤᠭᠰᠠᠨ ᠬᠤᠯᠪᠣᠭᠳᠠᠯ ᠪᠦᠬᠦᠢ | ᠬᠦᠴᠢᠷᠳᠡᠯ ᠪᠠ ᠠᠰᠠᠭᠤᠳᠠᠯ ᠢᠶᠠᠨ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠲᠤ ᠲᠤᠰᠬᠠᠵᠤ᠂ ᠵᠠᠬᠢᠳᠠᠯ ᠰᠤᠷᠪᠤᠯᠵᠢᠯᠠᠯ ᠤᠨ | ᠠᠵᠢᠯᠲᠠᠨ᠋ ᠠᠴᠠ ᠲᠡᠳᠡᠨ ᠤ ᠲᠤᠯᠭᠠᠷᠠᠵᠤ ᠪᠠᠶᠢᠭ᠎ᠠ ᠪᠣᠳᠠᠲᠠᠢ ᠬᠦᠴᠢᠷᠳᠡᠯ ᠪᠠ ᠠᠵᠤ ᠠᠬᠤᠶᠢᠯᠠᠯ ᠤᠨ ᠣᠳᠣᠬᠠᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ | ᠣᠶᠢᠯᠠᠭᠠᠬᠤ ᠪᠠ ᠪᠠᠶᠢᠴᠠᠭᠠᠬᠤ ᠪᠠᠷ ᠳᠠᠮᠵᠢᠨ᠂ ᠲᠦᠷᠭᠡᠨ ᠬᠠᠷᠢᠭᠤᠯᠲᠠ ᠥᠭᠬᠦ ᠪᠠ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠭᠠᠷᠭᠠᠳᠠᠭ᠃ ᠡᠨᠡ ᠨᠢ | ᠠᠵᠢᠯᠲᠠᠨ ᠠᠵᠢᠯᠴᠢᠨ ᠤ ᠦᠵᠡᠯ ᠰᠠᠨᠠᠭᠠᠨ ᠤ ᠪᠠᠶᠢᠳᠠᠯ ᠪᠠ ᠵᠣᠬᠢᠰᠲᠠᠢ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ ᠴᠢᠳᠠᠬᠤ ᠪᠠᠷ | ᠪᠠᠷᠠᠬᠤ ᠦᠭᠡᠢ᠂ ᠠᠵᠢᠯᠲᠠᠨ ᠠᠵᠢᠯᠴᠢᠨ ᠤ ᠪᠠᠨ ᠬᠦᠴᠢᠷᠳᠡᠯ ᠢ ᠴᠠᠭ ᠲᠤᠬᠠᠢ ᠳᠤᠨᠢ ᠪᠦᠲᠦᠮᠵᠢᠲᠡᠶ ᠪᠠᠷ ᠰᠢᠢᠳᠪᠦᠷᠢᠯᠡᠵᠦ᠂ ᠥᠪᠡᠷ ᠤᠨ ᠬᠠᠤᠯᠢ ᠶᠣᠰᠣᠨ ᠤ ᠡᠷᠬᠡ | ᠠᠰᠢᠭ ᠢᠶᠠᠨ ᠬᠠᠮᠠᠭᠠᠯᠠᠵᠤ ᠴᠢᠳᠠᠨ᠎ᠠ᠃ | ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ | ᠵᠠᠬᠢᠳᠠᠯ ᠰᠤᠷᠪᠤᠯᠵᠢᠯᠠᠯ ᠤᠨ ᠠᠵᠢᠯ ᠪᠣᠯ ᠠᠵᠤ ᠠᠬᠤᠶᠢᠯᠠᠯ ᠪᠣᠯᠣᠨ ᠠᠵᠢᠯᠲᠠᠨ ᠠᠵᠢᠯᠴᠢᠨ ᠤ ᠰᠣᠯᠢᠯᠴᠠᠭ᠎ᠠ ᠪᠠ ᠨᠡᠪᠲᠡᠷᠡᠯᠴᠡᠭᠡ ᠶᠢ ᠴᠢᠩᠭᠠᠳᠬᠠᠬᠤ | ᠴᠢᠬᠤᠯᠠ ᠠᠷᠭ᠎ᠠ ᠵᠠᠮ ᠮᠥᠨ᠃ ᠤᠳᠤ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠨᠢ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ | ᠬᠠᠮᠠᠭᠠᠯᠠᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠵᠠᠬᠢᠳᠠᠯ ᠰᠤᠷᠪᠤᠯᠵᠢᠯᠠᠯ ᠤᠨ ᠣᠷᠴᠢᠨ ᠨᠥᠬᠦᠴᠡᠯ ᠢ ᠰᠢᠯᠤᠭᠤᠳᠬᠠᠵᠤ᠂ ᠵᠠᠬᠢᠳᠠᠯ ᠰᠤᠷᠪᠤᠯᠵᠢᠯᠠᠯ ᠤᠨ | ᠳᠦᠷᠢᠮ ᠢ ᠲᠣᠭᠲᠠᠭᠠᠯ ᠳᠤ ᠨᠡᠶᠢᠴᠡᠭᠦᠯᠦᠨ ᠬᠠᠤᠯᠢ ᠳᠤ ᠨᠡᠶᠢᠴᠡᠭᠦᠯᠬᠦ ᠶᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠦᠨᠡᠨ ᠪᠣᠳᠠᠲᠠᠢ ᠪᠥᠭᠡᠳ | ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠴᠢᠨᠰᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ | ︵ᠨᠢᠭᠡ︶ ᠵᠠᠬᠢᠳᠠᠯ ᠰᠤᠷᠪᠤᠯᠵᠢᠯᠠᠯ ᠤᠨ ᠠᠵᠢᠯᠲᠠᠨ ᠤ ᠶᠡᠷᠦᠩᠬᠡᠢ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ | ᠠᠵᠢᠯ ᠤᠨ ᠵᠠᠩᠭᠢᠯᠠᠭ᠎ᠠ ᠨᠢ ᠨᠡᠪᠲᠡᠷᠡᠯᠴᠡᠬᠦ ᠳᠤ ᠪᠤᠶ᠂ ᠵᠠᠬᠢᠳᠠᠯ ᠰᠤᠷᠪᠤᠯᠵᠢᠯᠠᠯ ᠤᠨ ᠭᠥᠯᠢᠶᠡᠨ ᠠᠪᠤᠭᠴᠢ ᠲᠥᠷᠥ ᠶᠢᠨ ᠪᠣᠳᠣᠯᠭ᠎ᠠ ᠶᠢᠨ ᠣᠨᠣᠯ ᠤᠨ ᠰᠠᠭᠤᠷᠢ ᠶᠢ | ᠯᠠᠪᠳᠠᠭᠤᠨ ᠪᠠᠲᠤᠲᠠᠢ ᠡᠵᠡᠮᠰᠢᠬᠦ ᠠᠴᠠ ᠭᠠᠳᠠᠨ᠎ᠠ ᠪᠠᠰᠠ ᠡᠯ᠎ᠡ ᠲᠥᠷᠥᠯ ᠤᠨ ᠵᠠᠬᠢᠳᠠᠯ ᠰᠣᠷᠪᠤᠯᠵᠢᠯᠠᠭ᠎ᠠ ᠬᠢᠬᠦ ᠪᠠᠷ ᠢᠷᠡᠭᠰᠡᠳ ᠲᠤ ᠬᠠᠯᠠᠭᠤᠨ ᠰᠡᠳᠬᠢᠯᠭᠡ ᠲᠠᠢ | ᠬᠦᠯᠢᠴᠡᠩᠭᠦᠢ ᠣᠪᠣᠷ ᠢᠶᠠᠷ ᠬᠠᠨᠳᠤᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯᠲᠠᠨ ᠲᠤᠰ ᠪᠡᠶ᠎ᠡ ᠶᠢᠨ ᠤᠯᠤᠰ ᠲᠦᠷᠦ᠂ ᠬᠠᠤᠯᠢ ᠴᠠᠭᠠᠵᠠ᠂ ᠰᠡᠳᠬᠢᠴᠡ᠂ | ᠰᠣᠶᠣᠯ ᠵᠡᠷᠭᠡ ᠲᠠᠯ᠎ᠠ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠬᠢᠴᠠᠭᠤᠯᠬᠤ ᠴᠢᠳᠠᠪᠤᠷᠢ᠂ ᠠᠵᠢᠯᠯᠠᠬᠤ ᠴᠢᠳᠠᠪᠤᠷᠢ᠂ ᠬᠠᠤᠯᠢ ᠪᠠᠷ ᠵᠠᠰᠠᠬᠤ | ᠰᠡᠳᠬᠢᠬᠦᠢ ᠶᠢᠨ ᠴᠢᠳᠠᠪᠤᠷᠢ᠂ ᠦᠭᠡ ᠭᠡᠯᠡ ᠪᠠᠷ ᠢᠯᠡᠳᠬᠡᠬᠦ ᠴᠢᠳᠠᠪᠤᠷᠢ ᠪᠠ ᠪᠠᠶᠢᠴᠠᠭᠠᠨ ᠰᠤᠳᠤᠯᠬᠤ ᠴᠢᠳᠠᠪᠤᠷᠢ ᠪᠠᠨ ᠴᠢᠩᠭᠠᠳᠬᠠᠵᠤ᠂ ᠬᠠᠤᠯᠢ ᠴᠠᠭᠠᠵᠠ᠂ ᠠᠵᠤ | ᠠᠬᠤᠶᠢᠯᠠᠯ ᠤᠨ ᠳᠦᠷᠢᠮ ᠲᠣᠭᠲᠠᠭᠠᠯ ᠢ ᠴᠢᠳᠠᠮᠠᠭᠠᠢ ᠬᠡᠷᠡᠭᠯᠡᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠠᠳᠠᠯᠤᠨ ᠢᠯᠭᠠᠨ ᠲᠠᠨᠢᠵᠤ᠂ ᠠᠵᠤ ᠠᠬᠤᠶᠢᠯᠠᠯ ᠤᠨ | ᠠᠰᠢᠭ ᠲᠤᠰᠠ ᠶᠢ ᠬᠠᠮᠠᠭᠠᠯᠠᠬᠤ ᠮᠥᠷᠲᠡᠭᠡᠨ ᠪᠠᠰᠠ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ | ᠪᠡᠶᠡᠯᠡᠭᠦᠯᠵᠦ᠂ ᠵᠦᠢ ᠵᠣᠬᠢᠰ ᠦᠭᠡᠢ᠂ ᠬᠠᠤᠯᠢ ᠶᠣᠰᠣᠨ ᠤ ᠪᠤᠰᠤ ᠵᠠᠬᠢᠳᠠᠯ ᠰᠤᠷᠪᠤᠯᠵᠢᠯᠠᠯ ᠢ ᠵᠥᠷᠢᠴᠡᠯ ᠤᠨ ᠡᠬᠢᠨ ᠤ ᠬᠤᠭᠤᠴᠠᠭᠠᠨ ᠳᠤ ᠳᠠᠷᠤᠶᠢᠬᠠᠨ | ᠰᠢᠢᠳᠪᠦᠷᠢᠯᠡᠬᠦ ᠪᠠᠷ ᠴᠢᠷᠮᠠᠶᠢᠨ᠎ᠠ᠃ | ︵ᠬᠤᠶᠠᠷ︶ ᠠᠵᠢᠯᠯᠠᠬᠤ ᠠᠷᠭ᠎ᠠ ᠶᠢ ᠴᠢᠬᠤᠯᠠᠴᠢᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠬᠢᠬᠦ ᠪᠠᠷ ᠢᠷᠡᠭᠰᠡᠳ ᠤᠨ ᠣᠯᠠᠩᠬᠢ ᠨᠢ ᠦᠨᠳᠦᠰᠦᠨ | ᠱᠠᠲᠤᠨ ᠠᠴᠠ ᠢᠷᠡᠵᠦ᠂ ᠲᠥᠷᠥ ᠶᠢᠨ ᠪᠣᠳᠣᠯᠭ᠎ᠠ ᠶᠢᠨ ᠣᠶᠢᠯᠠᠭᠠᠯᠲᠠ᠂ ᠮᠡᠳᠡᠭᠡ ᠵᠠᠩᠭᠢ ᠶᠢᠨ ᠲᠠᠶᠢᠯᠤᠮᠵᠢ ᠵᠡᠷᠭᠡ ᠲᠠᠯ᠎ᠠ ᠪᠠᠷ ᠥᠷᠥᠭᠡᠰᠦᠯ ᠴᠢᠨᠠᠷ ᠲᠠᠢ᠂ ᠬᠢᠵᠠᠭᠠᠷᠲᠤ | ᠴᠢᠨᠠᠷ ᠲᠠᠢ ᠪᠠᠶᠢᠳᠠᠭ᠂ ᠡᠨᠡ ᠨᠢ ᠵᠠᠬᠢᠳᠠᠯ ᠰᠤᠷᠪᠤᠯᠵᠢᠯᠠᠯ ᠤᠨ ᠠᠵᠢᠯᠲᠠᠨ ᠵᠣᠬᠢᠬᠤ ᠦᠨᠳᠦᠰᠦᠨ ᠱᠠᠲᠤᠨ ᠤ ᠠᠵᠢᠯ ᠤᠨ ᠲᠤᠷᠰᠢᠯᠭ᠎ᠠ ᠲᠠᠢ ᠪᠠᠶᠢᠬᠤ ᠶᠢ ᠱᠠᠭᠠᠷᠳᠠᠳᠠᠭ᠃ | ᠵᠠᠬᠢᠳᠠᠯ ᠰᠤᠷᠪᠤᠯᠵᠢᠯᠠᠯ ᠤᠨ ᠨᠢᠭᠡᠳᠦᠭᠡᠷ ᠪᠣᠭᠤᠮᠲᠠ ᠶᠢ ᠰᠠᠬᠢᠵᠤ᠂ ᠠᠰᠠᠭᠤᠳᠠᠯ ᠭᠠᠷᠬᠤ ᠠᠴᠠ ᠡᠮᠦᠨ᠎ᠡ ᠰᠡᠷᠭᠡᠶᠢᠯᠡᠵᠦ᠂ ᠡᠰᠡᠷᠭᠦᠴᠡᠯᠳᠦᠬᠦ ᠠᠴᠠ ᠨᠢ ᠡᠮᠦᠨ᠎ᠡ | ᠡᠶᠡᠳᠡᠭᠦᠯᠵᠦ᠂ ᠲᠠᠭᠢᠨ ᠳᠠᠪᠲᠠᠬᠤ ᠠᠴᠠ ᠡᠮᠦᠨ᠎ᠡ ᠬᠠᠷᠢᠭᠤ ᠰᠤᠷᠪᠤᠯᠵᠢᠯᠠᠬᠤ ᠪᠠᠷ ᠴᠢᠷᠮᠠᠶᠢᠬᠤ ᠴᠢᠬᠤᠯᠠᠲᠠᠢ᠃ ᠠᠵᠢᠯᠲᠠᠨ ᠠᠵᠢᠯᠴᠢᠨ ᠤ ᠪᠠᠨ ᠵᠣᠭᠰᠣᠴᠠ ᠠᠴᠠ ᠵᠠᠬᠢᠳᠠᠯ | ᠰᠤᠷᠪᠤᠯᠵᠢᠯᠠᠯ ᠤᠨ ᠠᠵᠢᠯ ᠳᠤ ᠬᠠᠨᠳᠤᠵᠤ᠂ ᠬᠥᠮᠥᠨ ᠢᠶᠠᠷ ᠦᠨᠳᠦᠰᠦ ᠪᠤᠯᠭᠠᠵᠤ᠂ ᠣᠷᠣᠨ ᠪᠠᠶᠢᠷᠢ ᠪᠠᠨ ᠰᠣᠯᠢᠵᠤ ᠰᠡᠳᠬᠢᠬᠦ ᠶᠢ ᠪᠠᠷᠢᠮᠲᠠᠯᠠᠵᠤ᠂ ᠪᠣᠳᠠᠲᠤ ᠬᠡᠷᠡᠭ ᠢ | ᠳᠡᠯᠭᠡᠨ᠂ ᠶᠣᠰᠣ ᠤᠴᠢᠷ ᠢ ᠶᠠᠷᠢᠵᠤ᠂ ᠦᠨᠡᠨ ᠰᠡᠳᠬᠢᠯ ᠬᠦᠯᠢᠴᠡᠩᠭᠦᠢ ᠣᠪᠣᠷ ᠢᠶᠠᠷ ᠣᠶᠢᠯᠠᠭᠠᠯᠲᠠ᠂ ᠢᠲᠡᠭᠡᠯ ᠢ ᠣᠯᠬᠤ ᠬᠡᠷᠡᠭᠲᠡᠢ᠃ ᠪᠦᠲᠦᠮᠵᠢᠲᠡᠶ ᠠᠷᠭ᠎ᠠ ᠮᠠᠶ᠋ᠢᠭ ᠢᠶᠠᠷ | ᠳᠠᠮᠵᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠲᠤᠬᠠᠢ ᠠᠵᠢᠯᠲᠠᠨ ᠠᠵᠢᠯᠴᠢᠨ ᠣᠯᠠᠨ ᠲᠦᠮᠡᠨ ᠤ ᠲᠠᠨᠢᠯᠲᠠ ᠶᠢ ᠬᠤᠪᠢᠷᠠᠭᠤᠯᠵᠤ᠂ ᠦᠵᠡᠯ ᠰᠠᠨᠠᠭᠠᠨ ᠤ | ᠬᠥᠮᠦᠵᠢᠯ ᠤᠨ ᠠᠵᠢᠯ ᠪᠣᠯᠣᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠠᠵᠢᠯᠲᠠᠨ ᠠᠵᠢᠯᠴᠢᠨ ᠣᠯᠠᠨ ᠲᠦᠮᠡᠨ ᠢ ᠵᠥᠪ ᠢᠶᠠᠷ ᠬᠥᠲᠥᠯᠥᠨ | ᠵᠢᠯᠤᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠪᠠᠷᠢᠯ ᠢ ᠨᠢ ᠠᠰᠢᠭᠯᠠᠨ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢᠨ | ᠤᠯᠠᠮ ᠠᠴᠠ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠤᠷᠤᠭᠰᠢᠲᠠᠢ ᠥᠷᠨᠢᠬᠦ ᠪᠠ ᠪᠦᠲᠦᠮᠵᠢᠲᠡᠶ ᠪᠠᠷ ᠨᠠᠶᠢᠳᠠᠪᠤᠷᠢᠵᠢᠭᠤᠯᠤᠭᠳᠠᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠠᠵᠢᠯᠲᠠᠨ ᠠᠵᠢᠯᠴᠢᠨ ᠤ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠳᠤ ᠦᠶ᠎ᠡ ᠶᠢᠨ | ᠵᠠᠭᠤᠴᠢᠯᠠᠭᠤᠷ ᠢ ᠭᠦᠢᠴᠡᠳ ᠠᠰᠢᠭᠯᠠᠨ ᠰᠢᠨ᠎ᠡ ᠮᠠᠶ᠋ᠢᠭ ᠤᠨ ᠵᠠᠭᠠᠯᠳᠤᠬᠤ ᠲᠠᠪᠴᠠᠩ ᠢ ᠨᠡᠭᠡᠭᠡᠵᠦ᠂ ᠦᠨᠳᠦᠰᠦᠨ ᠱᠠᠲᠤᠨ ᠤ ᠠᠵᠢᠯᠲᠠᠨ ᠠᠵᠢᠯᠴᠢᠨ ᠤ ᠠᠵᠤ | ᠠᠬᠤᠶᠢᠯᠠᠯ ᠤᠨ ᠬᠥᠭᠵᠢᠯᠲᠡ ᠶᠢᠨ ᠲᠤᠬᠠᠢ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ | ᠴᠠᠭ ᠢᠮᠠᠭᠲᠠ ᠠᠩᠬᠠᠷᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤ ᠲᠤᠰᠬᠠᠬᠤ ᠳᠦᠷᠢᠮ ᠢ ᠪᠠᠶᠢᠭᠤᠯᠵᠤ᠂ ᠠᠵᠢᠯᠲᠠᠨ ᠤ ᠵᠠᠬᠢᠳᠠᠯ | ᠰᠤᠷᠪᠤᠯᠵᠢᠯᠠᠯ ᠳᠤ ᠳᠤᠷᠠᠳᠤᠭᠰᠠᠨ ᠠᠰᠠᠭᠤᠳᠠᠯ ᠪᠣᠯᠣᠨ ᠰᠠᠨᠠᠭᠤᠯᠭ᠎ᠠ ᠶᠢ ᠲᠡᠮᠳᠡᠭᠯᠡᠬᠦ ᠶᠢᠨ ᠬᠠᠮᠲᠤ ᠮᠥᠷᠳᠡᠨ ᠰᠢᠢᠳᠪᠦᠷᠢᠯᠡᠵᠦ᠂ ᠪᠠᠶᠢᠳᠠᠯ ᠢ ᠣᠶᠢᠯᠠᠭᠠᠨ᠂ ᠴᠠᠭ ᠲᠤᠬᠠᠢ | ᠳᠤᠨᠢ ᠰᠢᠢᠳᠪᠦᠷᠢᠯᠡᠵᠦ᠂ ᠮᠥᠷᠳᠡᠨ ᠰᠢᠢᠳᠪᠦᠷᠢᠯᠡᠬᠦ ᠬᠡᠷᠡᠭᠲᠡᠢ᠃ | ︵ᠭᠤᠷᠪᠠ︶ ᠠᠵᠤ ᠠᠬᠤᠶᠢᠯᠠᠯ ᠤᠨ ᠲᠠᠯ᠎ᠠ ᠠᠴᠠ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠤᠨ ᠵᠠᠬᠢᠳᠠᠯ | ᠰᠤᠷᠪᠤᠯᠵᠢᠯᠠᠯ ᠤᠨ ᠠᠵᠢᠯᠲᠠᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠪᠠᠶᠢᠩᠭᠤ ᠭᠦᠨᠵᠡᠭᠡᠶᠢᠷᠡᠨ ᠠᠵᠢᠯᠲᠠᠨ ᠠᠵᠢᠯᠴᠢᠨ ᠤ | ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠣᠶᠢᠯᠠᠭᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠬᠤ᠂ ᠳ᠋ᠦᠩᠨᠡᠬᠦ᠂ ᠵᠠᠳᠠᠯᠬᠤ᠂ | ᠰᠤᠳᠤᠯᠤᠨ ᠮᠠᠭᠠᠳᠯᠠᠬᠤ ᠳᠠᠭᠠᠨ ᠴᠢᠳᠠᠮᠠᠭᠠᠢ ᠪᠠᠶᠢᠵᠤ᠂ ᠠᠷᠭᠠᠴᠠᠭᠠᠬᠤ ᠪᠣᠳᠣᠯᠭ᠎ᠠ ᠶᠢ ᠣᠨᠣᠪᠴᠢᠲᠠᠶ ᠪᠥᠭᠡᠳ ᠴᠠᠭ ᠲᠤᠬᠠᠢ ᠳᠤᠨᠢ ᠳᠤᠷᠠᠳᠴᠤ᠂ ᠤᠳᠤᠷᠢᠳᠤᠯᠭ᠎ᠠ ᠶᠢᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠮᠡᠳᠡᠭᠡ ᠵᠠᠩᠭᠢ ᠶᠢᠨ ᠦᠨᠳᠦᠰᠦᠯᠡᠯ ᠬᠠᠩᠭᠠᠬᠤ ᠬᠡᠷᠡᠭᠲᠡᠢ᠃ ᠠᠵᠤ ᠠᠬᠤᠶᠢᠯᠠᠯ ᠤᠨ ᠡᠯ᠎ᠡ ᠰᠠᠯᠠᠭ᠎ᠠ | ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠭᠡ ᠪᠠ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ | ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬᠢᠳᠠᠯ | ᠰᠤᠷᠪᠤᠯᠵᠢᠯᠠᠯ ᠤᠨ ᠠᠵᠢᠯ ᠤᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠬᠤ ᠶᠢ | ᠴᠢᠬᠤᠯᠠᠴᠢᠯᠠᠨ᠎ᠠ᠃ ᠪᠠᠶᠢᠴᠠᠭᠠᠬᠤ ᠪᠠᠷ ᠳᠠᠮᠵᠢᠨ ᠠᠮᠢᠳᠤᠷᠠᠯ ᠨᠢ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ | ᠵᠣᠬᠢᠴᠠᠭᠤᠯᠤᠨ ᠰᠠᠶᠢᠲᠤᠷ ᠬᠢᠵᠦ᠂ ᠵᠦᠢ ᠵᠣᠬᠢᠰᠲᠠᠢ ᠬᠦᠰᠡᠯ ᠱᠠᠭᠠᠷᠳᠠᠯᠭ᠎ᠠ ᠲᠠᠢ ᠠᠵᠢᠯᠲᠠᠨ ᠠᠵᠢᠯᠴᠢᠨ ᠢ ᠠᠵᠤ ᠠᠬᠤᠶᠢᠯᠠᠯ ᠲᠠᠢ ᠵᠥᠪᠳᠡᠯᠴᠡᠬᠦ᠂ ᠵᠦᠢ ᠵᠣᠬᠢᠰᠲᠠᠢ | ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠵᠠᠮ ᠢᠶᠠᠷ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠵᠦᠢᠯᠡᠰ ᠢ ᠣᠨᠣᠪᠴᠢᠲᠠᠢ ᠢᠯᠭᠠᠵᠤ᠂ | ᠵᠠᠬᠢᠳᠠᠯ ᠰᠤᠷᠪᠤᠯᠵᠢᠯᠠᠯ ᠤᠨ ᠬᠡᠷᠡᠭᠴᠡᠭᠡ ᠶᠢ ᠭᠦᠨᠵᠡᠭᠡᠢ ᠣᠶᠢᠯᠠᠭᠠᠬᠤ ᠪᠠᠷ ᠳᠠᠮᠵᠢᠨ᠂ ᠵᠠᠬᠢᠳᠠᠯ ᠰᠤᠷᠪᠤᠯᠵᠢᠯᠠᠯ ᠤᠨ ᠳᠤᠮᠳᠠ ᠡᠭᠦᠰᠦᠭᠰᠡᠨ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠢ ᠥᠷᠨᠢᠭᠦᠯᠬᠦ ᠳᠤ ᠡᠷᠬᠡᠪᠰᠢ ᠠᠵᠤ ᠠᠬᠤᠶᠢᠯᠠᠯ ᠤᠨ ᠪᠣᠳᠠᠲᠤ | ᠪᠠᠶᠢᠳᠠᠯ ᠢ ᠲᠣᠳᠣᠷᠬᠠᠶᠢᠯᠠᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠡᠯ᠎ᠡ ᠲᠠᠯ᠎ᠠ ᠶᠢᠨ ᠠᠰᠢᠭ ᠲᠤᠰᠠ ᠶᠢᠨ ᠲᠡᠩᠴᠡᠭᠦᠷᠢ ᠶᠢ | ᠴᠢᠬᠤᠯᠠᠴᠢᠯᠠᠵᠤ᠂ ᠰᠢᠨ᠎ᠡ ᠠᠰᠠᠭᠤᠳᠠᠯ ᠳᠠᠭᠢᠨ ᠭᠠᠷᠬᠤ ᠠᠴᠠ ᠵᠠᠶᠢᠯᠠᠰᠬᠢᠬᠦ ᠬᠡᠷᠡᠭᠲᠡᠢ᠃ | ᠶᠡᠷᠦᠩᠬᠡᠶᠢᠯᠡᠭᠡᠳ ᠬᠡᠯᠡᠪᠡᠯ ᠵᠠᠬᠢᠳᠠᠯ ᠰᠤᠷᠪᠤᠯᠵᠢᠯᠠᠯ ᠤᠨ ᠠᠵᠢᠯ ᠨᠢ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠬᠦᠴᠦᠲᠡᠢ ᠠᠬᠢᠭᠤᠯᠤᠭᠴᠢ | ᠪᠣᠯᠤᠭᠰᠠᠨ ᠤ ᠬᠤᠪᠢ ᠳᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯᠲᠠᠨ ᠠᠵᠢᠯ ᠦᠢᠯᠡᠰ᠂ ᠠᠵᠢᠯᠲᠠᠨ ᠳᠠᠭᠠᠨ ᠬᠠᠷᠢᠭᠤᠴᠠᠬᠤ ᠬᠠᠯᠠᠭᠤᠨ ᠰᠡᠳᠬᠢᠯᠭᠡ ᠪᠠᠨ ᠴᠠᠭ | ᠢᠮᠠᠭᠲᠠ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠠᠵᠢᠯᠲᠠᠨ ᠠᠵᠢᠯᠴᠢᠨ ᠤ ᠬᠦᠴᠢᠷ ᠠᠰᠠᠭᠤᠳᠠᠯ ᠢ ᠰᠢᠢᠳᠪᠦᠷᠢᠯᠡᠨ᠂ ᠪᠣᠳᠠᠲᠤ ᠶᠠᠪᠤᠳᠠᠯ ᠬᠢᠵᠦ᠂ ᠠᠵᠤ | ᠠᠬᠤᠶᠢᠯᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠡᠶ᠎ᠡ ᠵᠣᠬᠢᠴᠠᠯ ᠲᠠᠢ ᠲᠣᠭᠲᠠᠭᠤᠨ | ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠵᠣᠬᠢᠶᠠᠭᠴᠢ ᠶᠢᠨ ᠬᠠᠶ᠋ᠢᠭ᠄ ᠪᠤᠭᠤᠲᠤ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠠᠬᠢ ᠬᠤᠪᠢᠶᠠᠷᠢ | ᠺᠤᠮᠫᠠᠨᠢ︶ | | |