ᠡᠪᠦᠯ ᠤᠨ ᠠᠮᠠᠷᠠᠯᠲᠠ ᠪᠣᠯᠣᠯ᠎ᠠ᠃ ᠨᠢᠭᠡ ᠬᠤᠭᠤᠴᠠᠭ᠎ᠠ ᠶᠠᠭᠠᠷᠠᠯᠲᠠᠢ ᠶᠠᠳᠠᠷᠠᠯᠲᠠᠢ ᠰᠤᠷᠤᠯᠴᠠᠬᠰᠠᠨ ᠬᠡᠦᠬᠡᠳ ᠪᠠᠭᠠᠴᠤᠳ ᠠᠮᠠᠷᠠᠯᠲᠠ ᠲᠠᠯᠪᠢᠮᠠᠭᠴᠠ | ᠰᠤᠷᠭᠠᠭᠤᠯᠢ ᠪᠠ ᠪᠠᠭᠰᠢ ᠶᠢᠨ ᠬᠠᠮᠢᠶᠠᠷᠤᠯᠲᠠ ᠠᠴᠠ ᠰᠠᠯᠵᠤ᠂ ᠴᠠᠭ ᠢᠶᠠᠨ ᠪᠦᠷᠢᠮᠦᠰᠦᠨ ᠥᠪᠡᠷ ᠢᠶᠠᠨ ᠡᠵᠡᠨ ᠮᠡᠳᠡᠳᠡᠭ ᠠᠴᠠ ᠵᠠᠷᠢᠮ ᠦᠶ᠎ᠡ ᠳᠤ ᠬᠡᠪ ᠤᠨ | ᠠᠮᠢᠳᠤᠷᠠᠯ ᠤᠨ ᠵᠢᠮ᠎ᠡ ᠶᠣᠰᠣ ᠪᠠᠨ ᠠᠯᠳᠠᠬᠤ ᠦᠵᠡᠭᠳᠡᠯ ᠭᠠᠷᠳᠠᠭ᠃ ᠵᠢᠱᠢᠶᠡᠯᠡᠪᠡᠯ ᠣᠷᠣᠢ ᠲᠣᠭᠲᠠᠭᠰᠠᠨ ᠴᠠᠭ ᠲᠠᠭᠠᠨ ᠤᠨᠲᠠᠵᠤ ᠠᠮᠠᠷᠠᠬᠤ ᠦᠭᠡᠢ᠂ ᠥᠷᠯᠥᠭᠡ | ᠤᠨᠲᠠᠭᠠᠳ ᠪᠤᠰᠬᠤ ᠳᠤᠷ᠎ᠠ ᠦᠭᠡᠢ᠂ ᠬᠤᠭᠤᠯᠠ ᠤᠮᠳᠠ ᠪᠠᠨ ᠴᠠᠭ ᠲᠠᠭᠠᠨ ᠢᠳᠡᠬᠦ ᠦᠭᠡᠢ᠂ ᠺᠤᠮᠫᠢᠦ᠋ᠲ᠋ᠧᠷ ᠤᠨ ᠲᠣᠭᠯᠠᠭᠠᠮ ᠳᠤ ᠰᠢᠨᠤᠬᠤ ᠭᠡᠬᠦ ᠮᠡᠲᠦ ᠶᠢᠨ ᠤᠯᠠᠨ | ᠵᠦᠢᠯ ᠤᠨ ᠮᠠᠭᠤ ᠳᠠᠳᠬᠠᠯ ᠲᠠᠢ ᠪᠣᠯᠵᠤ ᠮᠡᠳᠡᠨ᠎ᠡ᠃ ᠡᠶᠢᠮᠦ ᠠᠴᠠ ᠭᠡᠷ ᠤᠨ ᠠᠬᠠᠮᠠᠳ ᠪᠣᠯᠣᠭᠰᠠᠳ ᠬᠡᠦᠬᠡᠳ ᠤᠨ ᠰᠤᠷᠤᠯᠴᠠᠯᠭ᠎ᠠ ᠠᠴᠠ ᠭᠠᠳᠠᠨ᠎ᠠ ᠠᠮᠠᠷᠠᠯᠲᠠ ᠪᠠᠨ | ᠬᠡᠷᠬᠢᠨ ᠤᠳᠬ᠎ᠠ ᠠᠭᠤᠯᠭ᠎ᠠ ᠲᠠᠢ᠂ ᠠᠮᠤᠷ ᠲᠦᠪᠰᠢᠨ ᠥᠩᠭᠡᠷᠡᠭᠦᠯᠬᠦ ᠲᠤᠬᠠᠢ ᠬᠡᠳᠦᠨ ᠲᠠᠯ᠎ᠠ ᠶᠢ ᠠᠩᠬᠠᠷᠪᠠᠯ ᠵᠣᠬᠢᠨ᠎ᠠ᠃ | ᠡᠩ ᠲᠡᠷᠢᠭᠦᠨ ᠳᠤ᠂ ᠠᠮᠠᠷᠠᠵᠤ ᠰᠤᠷᠤᠯᠴᠠᠬᠤ ᠴᠠᠭ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠠᠮᠠᠷᠠᠯᠲᠠ ᠪᠣᠯᠣᠮᠠᠭᠴᠠ ᠰᠤᠷᠤᠬᠴᠢᠳ ᠤᠨ ᠴᠠᠭ ᠤᠨ ᠲᠤᠬᠠᠢ | ᠬᠠᠮᠢᠶᠠᠷᠤᠯᠲᠠ ᠰᠤᠯᠠᠷᠠᠳᠠᠭ᠃ ᠡᠶᠢᠮᠦ ᠠᠴᠠ ᠰᠤᠷᠭᠠᠭᠤᠯᠢ ᠪᠤᠶᠤ ᠠᠩᠭᠢ ᠶᠢᠨ ᠡᠷᠭᠢᠯᠡᠭᠴᠢ ᠠᠴᠠ ᠰᠤᠷᠤᠬᠴᠢᠳ ᠢᠶᠠᠷ ᠠᠮᠠᠷᠠᠯᠲᠠ ᠶᠢᠨ ᠬᠤᠭᠤᠴᠠᠭᠠᠨ ᠤ ᠠᠮᠠᠷᠠᠵᠤ | ᠰᠤᠷᠤᠯᠴᠠᠬᠤ ᠲᠥᠯᠥᠪᠯᠡᠭᠡ ᠲᠣᠭᠲᠠᠭᠠᠯᠭᠠᠵᠤ᠂ ᠲᠡᠳᠡᠨ ᠤ ᠤᠨᠲᠠᠵᠤ ᠠᠮᠠᠷᠠᠬᠤ᠂ ᠰᠤᠷᠤᠯᠴᠠᠬᠤ᠂ ᠨᠠᠭᠠᠳᠬᠤ᠂ ᠠᠵᠢᠯ ᠭᠦᠳᠡᠯᠮᠦᠷᠢ ᠳᠤ ᠣᠷᠤᠯᠴᠠᠬᠤ᠂ ᠡᠯ᠎ᠡ ᠵᠦᠢᠯ ᠤᠨ | ᠠᠵᠢᠯᠯᠠᠭ᠎ᠠ ᠳᠤ ᠣᠷᠤᠯᠴᠠᠬᠤ ᠴᠠᠭ ᠢ ᠵᠣᠬᠢᠰᠲᠠᠢ ᠲᠣᠬᠢᠷᠠᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | ᠬᠤᠶᠠᠷ ᠲᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠣᠮᠲᠣᠭᠠᠶᠢᠯᠠᠵᠤ ᠪᠤᠯᠬᠤ ᠦᠭᠡᠢ᠃ ᠡᠪᠦᠯ ᠤᠨ ᠤᠯᠠᠷᠢᠯ ᠳᠤ ᠠᠭᠤᠷ ᠠᠮᠢᠰᠬᠤᠯ ᠬᠦᠢᠲᠡᠨ ᠪᠣᠯᠬᠤᠷ | ᠪᠠᠭᠠᠴᠤᠳ ᠬᠡᠦᠬᠡᠳ ᠭᠠᠳᠠᠨ᠎ᠠ ᠭᠠᠷᠴᠤ ᠨᠠᠭᠠᠳᠬᠤ ᠳᠤᠷ᠎ᠠ ᠦᠭᠡᠢ ᠪᠠᠶᠢᠳᠠᠭ᠃ ᠡᠨᠡ ᠨᠢ ᠪᠠᠭᠠᠴᠤᠳ ᠬᠡᠦᠬᠡᠳ ᠤᠨ ᠪᠡᠶ᠎ᠡ ᠴᠣᠭᠴᠠ ᠶᠢᠨ ᠡᠷᠡᠭᠦᠯ ᠮᠡᠨᠳᠦ ᠳᠤ ᠠᠰᠢᠭ | ᠦᠭᠡᠢ᠃ ᠡᠶᠢᠮᠦ ᠠᠴᠠ ᠭᠡᠷ ᠤᠨ ᠠᠬᠠᠮᠠᠳ ᠪᠣᠯᠣᠭᠰᠠᠳ ᠬᠡᠦᠬᠡᠳ ᠢᠶᠠᠨ ᠡᠳᠦᠷ ᠪᠦᠷᠢ ᠭᠠᠳᠠᠨ᠎ᠠ ᠭᠠᠷᠭᠠᠵᠤ ᠲᠠᠮᠢᠷ ᠤᠨ ᠬᠥᠳᠡᠯᠭᠡᠭᠡᠨ ᠬᠢᠯᠭᠡᠬᠦ ᠨᠢ ᠮᠠᠰᠢ ᠴᠢᠬᠤᠯᠠ᠃ | ᠬᠡᠦᠬᠡᠳ ᠤᠳ ᠳᠡᠭᠡᠰᠦ ᠦᠰᠦᠷᠬᠦ᠂ ᠪᠥᠮᠪᠦᠭᠡ ᠨᠠᠭᠠᠳᠬᠤ᠂ ᠭᠦᠶᠦᠵᠦ ᠪᠣᠯᠪᠠᠰᠤᠷᠠᠬᠤ ᠵᠡᠷᠭᠡ ᠤᠯᠠᠨ ᠲᠦᠷᠦᠯ ᠤᠨ ᠲᠠᠮᠢᠷ ᠤᠨ ᠬᠥᠳᠡᠯᠭᠡᠭᠡᠨ ᠳᠤ ᠤᠷᠤᠯᠴᠠᠵᠤ | ᠪᠣᠯᠣᠨ᠎ᠠ᠃ ᠠᠮᠠᠷᠠᠯᠲᠠ ᠪᠠᠷ ᠨᠠᠰᠤ ᠬᠤᠷᠠᠭᠴᠤᠤᠯ ᠨᠠᠶᠢᠵᠠ ᠨᠥᠬᠦᠳ ᠲᠠᠢ ᠪᠠᠨ ᠬᠠᠮᠲᠤ ᠲᠣᠭᠯᠠᠵᠤ ᠨᠥᠬᠦᠷᠯᠡᠯ ᠢᠶᠠᠨ ᠪᠠᠲᠤᠳᠬᠠᠵᠤ ᠪᠣᠯᠣᠨ᠎ᠠ᠃ ᠪᠠᠭ᠎ᠠ ᠠᠴᠠ ᠪᠠᠨ | ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠠᠳᠬᠠᠯ ᠢ ᠬᠥᠮᠥᠵᠢᠭᠦᠯᠬᠦ ᠨᠢ ᠬᠡᠦᠬᠡᠳ ᠤᠨ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ | ᠦᠭᠡᠢ᠂ ᠪᠠᠰᠠ ᠲᠡᠰᠪᠦᠷᠢ ᠲᠡᠪᠴᠢᠶᠡᠷᠢ ᠶᠢ ᠨᠢ ᠳᠠᠪᠲᠠᠨ ᠪᠤᠯᠪᠠᠰᠤᠷᠠᠭᠤᠯᠵᠤ᠂ ᠨᠡᠩ ᠰᠠᠶᠢᠨ ᠴᠤᠭ ᠰᠦᠯᠳᠡ ᠲᠠᠢ ᠪᠤᠯᠭᠠᠵᠤ ᠴᠢᠳᠠᠨ᠎ᠠ᠃ | ᠭᠤᠷᠪᠠ ᠳᠤ᠂ ᠪᠣᠯᠪᠠᠰᠤᠨ ᠶᠣᠰᠣᠷᠬᠠᠭ ᠰᠤᠷᠲᠠᠯ ᠢ ᠤᠯᠠᠮᠵᠢᠯᠠᠵᠤ ᠰᠤᠷᠭᠠᠬᠤ ᠰᠠᠶᠢᠬᠠᠨ ᠵᠠᠪᠰᠢᠶᠠᠨ ᠪᠣᠯᠣᠨ᠎ᠠ᠃ ᠡᠪᠦᠯ ᠤᠨ ᠠᠮᠠᠷᠠᠯᠲᠠ ᠳᠤ ᠰᠢᠨ᠎ᠡ ᠵᠢᠯ | ᠴᠠᠭᠠᠨ ᠰᠠᠷ᠎ᠠ ᠲᠣᠬᠢᠶᠠᠵᠤ᠂ ᠰᠠᠷ᠎ᠠ ᠰᠢᠨ᠎ᠡ ᠪᠠᠷ ᠰᠠᠲᠤᠨ ᠲᠦᠷᠦᠯ᠂ ᠨᠠᠶᠢᠵᠠ ᠨᠥᠬᠦᠳ ᠤᠨ ᠬᠢᠨ ᠢᠶᠠᠷ ᠢᠶᠠᠨ ᠠᠶᠢᠯᠴᠢᠯᠠᠨ ᠵᠣᠯᠭᠠᠬᠤ ᠪᠣᠯ ᠮᠠᠨᠠᠶᠢᠬᠢᠨ ᠤ ᠤᠯᠠᠮᠵᠢᠯᠠᠯᠲᠤ | ᠰᠠᠶᠢᠬᠠᠨ ᠵᠠᠩ ᠳᠠᠳᠬᠠᠯ ᠶᠤᠮ᠃ ᠢᠩᠭᠢᠵᠦ ᠠᠬᠠᠮᠠᠳ ᠲᠣᠮᠣᠭᠠᠲᠠᠨ ᠤᠯᠠᠨ ᠬᠥᠮᠥᠨ ᠲᠠᠢ ᠠᠭᠤᠯᠵᠠᠵᠤ ᠤᠴᠠᠷᠠᠬᠤ ᠳᠤᠮᠳᠠ ᠬᠡᠦᠬᠡᠳ ᠲᠡᠭᠡᠨ ᠬᠥᠮᠥᠰ ᠲᠠᠢ ᠬᠡᠷᠬᠢᠨ | ᠪᠣᠯᠪᠠᠰᠤᠨ ᠶᠣᠰᠣᠷᠬᠠᠭ ᠢᠶᠠᠷ ᠬᠠᠷᠢᠯᠴᠠᠬᠤ ᠵᠢᠴᠢ ᠰᠢᠨ᠎ᠡ ᠵᠢᠯ ᠴᠠᠭᠠᠨ ᠰᠠᠷ᠎ᠠ ᠳᠤ ᠬᠤᠯᠪᠣᠭᠳᠠᠭᠰᠠᠨ ᠤᠯᠠᠨ ᠰᠠᠶᠢᠬᠠᠨ ᠰᠢᠯᠢᠳᠡᠭ ᠤᠯᠠᠮᠵᠢᠯᠠᠯᠲᠤ ᠰᠣᠶᠣᠯ ᠪᠠ ᠵᠠᠩ | ᠳᠠᠳᠬᠠᠯ ᠢ ᠬᠡᠦᠬᠡᠳ ᠲᠡᠭᠡᠨ ᠵᠢᠭᠠᠵᠤ ᠰᠤᠷᠭᠠᠵᠤ ᠪᠣᠯᠣᠨ᠎ᠠ᠃ | ᠳᠥᠷᠪᠡ ᠳᠤ᠂ ᠳᠤᠷ᠎ᠠ ᠰᠣᠨᠢᠷᠬᠠᠯ ᠲᠠᠢ ᠵᠦᠢᠯ ᠢᠶᠠᠨ ᠤᠷᠤᠯᠳᠤᠬᠤ ᠶᠢ ᠵᠣᠷᠢᠭᠵᠢᠭᠤᠯᠵᠤ ᠪᠣᠯᠣᠨ᠎ᠠ᠃ ᠶᠡᠷᠦ ᠶᠢᠨ ᠦᠶ᠎ᠡ ᠳᠤ ᠰᠤᠷᠤᠬᠴᠢᠳ ᠤᠨ ᠬᠢᠴᠢᠶᠡᠯ | ᠰᠤᠷᠤᠯᠭ᠎ᠠ ᠮᠠᠰᠢ ᠶᠠᠭᠠᠷᠠᠤ ᠲᠤᠯᠠ ᠵᠠᠷᠢᠮ ᠵᠦᠢᠯᠡᠰ ᠢ ᠬᠢᠵᠦ ᠤᠷᠤᠯᠳᠤᠬᠤ ᠬᠦᠰᠡᠯ ᠪᠠᠶᠢᠭᠰᠠᠨ ᠴᠤ ᠵᠠᠪ ᠴᠢᠯᠦᠭᠡ ᠣᠯᠳᠠᠬᠤ ᠦᠭᠡᠢ ᠪᠠᠶᠢᠳᠠᠭ᠃ ᠲᠡᠭᠡᠭᠦ ᠪᠠᠷ | ᠠᠮᠠᠷᠠᠯᠲᠠ ᠶᠢᠨ ᠰᠡᠯᠡᠭᠦᠦ ᠴᠠᠭ ᠢᠶᠠᠷ ᠦᠢᠯᠡᠳᠦᠯᠭᠡ ᠶᠢᠨ ᠠᠵᠢᠯᠯᠠᠭ᠎ᠠ ᠪᠠ ᠭᠡᠷ ᠤᠨ ᠭᠦᠳᠡᠯᠮᠦᠷᠢ ᠳᠤ ᠢᠯᠡᠭᠦᠬᠡᠨ ᠣᠷᠣᠯᠴᠠᠭᠤᠯᠤᠨ ᠪᠡᠶ᠎ᠡ ᠪᠠᠨ ᠳᠠᠭᠠᠭᠠᠬᠤ ᠪᠤᠶᠤ | ᠬᠠᠷᠢᠭᠤᠴᠠᠯᠭᠠᠲᠤ ᠰᠡᠳᠬᠢᠯᠭᠡ ᠶᠢ ᠨᠢ ᠬᠥᠮᠥᠵᠢᠭᠦᠯᠬᠦ ᠶᠢᠨ ᠳᠠᠭᠠᠤ ᠥᠪᠡᠷ ᠤᠨ ᠳᠤᠷ᠎ᠠ ᠰᠣᠨᠢᠷᠬᠠᠯ ᠲᠠᠢ ᠨᠣᠮ ᠪᠢᠴᠢᠭ ᠢ ᠨᠢ ᠢᠯᠡᠭᠦᠬᠡᠨ ᠤᠩᠰᠢᠭᠤᠯᠵᠤ᠂ ᠮᠡᠳᠡᠯᠭᠡ | ᠬᠤᠷᠠᠮᠳᠤᠭᠤᠯᠤᠨ᠂ ᠤᠶᠤᠨ ᠢᠶᠠᠨ ᠨᠡᠭᠡᠭᠡᠭᠳᠡᠭᠦᠯᠵᠦ᠂ ᠥᠪᠡᠷ ᠤᠨ ᠭᠡᠬᠦ ᠦᠵᠡᠯᠲᠡ ᠲᠠᠨᠢᠯᠲᠠ ᠲᠠᠢ ᠪᠤᠯᠬᠤ ᠶᠢ ᠪᠤᠯᠪᠠᠰᠤᠷᠠᠭᠤᠯᠵᠤ ᠪᠣᠯᠣᠨ᠎ᠠ᠃ ᠡᠭᠦᠨ ᠳᠤ ᠡᠳᠦᠷ ᠪᠦᠷᠢ | ᠠᠳᠠᠭ ᠲᠠᠭᠠᠨ ᠭᠤᠴᠢᠨ ᠮᠢᠨᠦ᠋ᠲ ᠨᠣᠮ ᠤᠩᠰᠢᠬᠤ ᠶᠢ ᠪᠠᠷᠢᠮᠲᠠᠯᠠᠪᠠᠯ ᠰᠠᠶᠢᠨ᠃ ᠢᠩᠭᠢᠪᠡᠯ ᠬᠡᠦᠬᠡᠳ ᠢ ᠡᠯᠧᠺᠲᠷᠣᠨ ᠲᠣᠭᠯᠠᠭᠠᠮ ᠪᠤᠶᠤ ᠭᠠᠷ ᠤᠲᠠᠰᠤᠨ ᠤ | ᠰᠢᠨᠤᠬᠠᠶᠢᠷᠠᠯ ᠠᠴᠠ ᠵᠠᠶᠢᠳᠠᠭᠤᠯᠵᠤ᠂ ᠠᠮᠢᠳᠤᠷᠠᠯ ᠢ ᠨᠢ ᠨᠡᠩ ᠤᠳᠬ᠎ᠠ ᠠᠭᠤᠯᠭ᠎ᠠ ᠲᠠᠢ ᠪᠤᠯᠭᠠᠵᠤ ᠴᠢᠳᠠᠨ᠎ᠠ᠃ | ᠬᠠᠮᠤᠭ ᠤᠨ ᠡᠴᠦᠰ ᠲᠤ᠂ ᠠᠮᠠᠷᠠᠯᠲᠠ ᠶᠢᠨ ᠬᠤᠭᠤᠴᠠᠭᠠᠨ ᠳᠤ ᠰᠤᠷᠤᠬᠴᠢᠳ ᠤᠨ ᠠᠮᠤᠷ ᠲᠦᠪᠰᠢᠨ ᠪᠣᠯ ᠲᠡᠷᠢᠭᠦᠨ ᠴᠢᠬᠤᠯᠠ ᠪᠠᠶᠢᠳᠠᠭ᠃ ᠠᠮᠠᠷᠠᠯᠲᠠ | ᠲᠠᠯᠪᠢᠪᠠᠯ ᠮᠠᠰᠢ ᠣᠯᠠᠨ ᠰᠤᠷᠤᠬᠴᠢᠳ ᠭᠠᠳᠠᠨ᠎ᠠ ᠭᠠᠵᠠᠷ ᠢᠶᠠᠷ ᠵᠢᠭᠤᠯᠴᠢᠯᠠᠬᠤ ᠪᠤᠶᠤ ᠤᠯᠠᠨ ᠵᠦᠢᠯ ᠤᠨ ᠠᠵᠢᠯᠯᠠᠭ᠎ᠠ ᠳᠤ ᠣᠷᠣᠯᠴᠠᠳᠠᠭ᠃ ᠡᠨᠡ ᠦᠶ᠎ᠡ ᠳᠤ ᠬᠤᠪᠢ | ᠪᠡᠶ᠎ᠡ ᠶᠢᠨ ᠠᠮᠤᠷ ᠲᠦᠪᠰᠢᠨ ᠬᠠᠮᠤᠭ ᠤᠨ ᠴᠢᠬᠤᠯᠠ ᠪᠠᠶᠢᠳᠠᠭ᠃ ᠰᠢᠨ᠎ᠡ ᠵᠢᠯ ᠴᠠᠭᠠᠨ ᠰᠠᠷ᠎ᠠ ᠪᠠᠷ ᠫᠤᠤᠵᠢᠩ ᠲᠠᠯᠪᠢᠬᠤ ᠨᠢ ᠬᠡᠦᠬᠡᠳ ᠤᠨ ᠬᠠᠮᠤᠭ ᠤᠨ ᠳᠤᠷ᠎ᠠ ᠲᠠᠢ | ᠨᠢᠭᠡ ᠵᠦᠢᠯ ᠤᠨ ᠲᠣᠭᠯᠠᠭᠠᠮ ᠪᠣᠯᠣᠨ᠎ᠠ᠃ ᠨᠠᠰᠤ ᠪᠠᠭ᠎ᠠ ᠬᠡᠦᠬᠡᠳ ᠫᠤᠤᠵᠢᠩ ᠳᠠᠯᠪᠢᠬᠤ ᠳᠤ ᠲᠣᠮᠣᠴᠤᠤᠯ ᠪᠡᠷ᠎ᠠ ᠪᠤᠯᠬᠤ ᠬᠡᠷᠡᠭᠲᠡᠢ᠃ ᠡᠨᠡ ᠮᠡᠲᠦ ᠪᠠᠷ ᠭᠡᠷ ᠤᠨ | ᠠᠬᠠᠮᠠᠳ ᠪᠣᠯᠣᠭᠰᠠᠳ ᠬᠡᠦᠬᠡᠳ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠳᠤ ᠦᠷᠭᠦᠯᠵᠢ ᠰᠠᠨᠠᠭ᠎ᠠ ᠲᠠᠯᠪᠢᠵᠤ᠂ ᠴᠢᠩᠭ᠎ᠠ ᠬᠢᠮᠠᠭᠠᠳᠠᠵᠤ | ᠰᠡᠷᠡᠮᠵᠢᠯᠡᠭᠦᠯᠵᠦ ᠪᠠᠶᠢᠪᠠᠯ ᠵᠣᠬᠢᠨ᠎ᠠ᠃ | | |