ᠲᠣᠭᠤᠭ᠎ᠠ ᠲᠣᠭᠤᠭ᠎ᠠ ᠪᠠᠩᠰᠢ᠂ ᠥᠯᠵᠡᠶᠢᠲᠦ ᠪᠤᠭᠤᠷᠰᠤᠭ ᠠᠴᠠ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠶᠢᠨ ᠦᠨᠦᠷ ᠠᠮᠲᠠ ᠮᠡᠳᠡᠷᠡᠭᠳᠡᠵᠦ᠂ | ᠰᠢᠷᠡᠭᠡ ᠰᠢᠷᠡᠭᠡ ᠨᠤᠲᠤᠭ ᠤᠨ ᠦᠨᠦᠷ ᠠᠮᠲᠠᠲᠤ ᠬᠤᠭᠤᠯᠠ ᠪᠤᠳᠠᠭᠠᠨ ᠠᠴᠠ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠶᠢᠨ ᠪᠠᠶᠠᠷ ᠪᠠᠭ᠋ᠠᠳᠤᠯ ᠬᠠᠯᠭᠢᠯᠠᠵᠤ᠂ | ᠴᠠᠭᠠᠨ ᠰᠠᠷ᠎ᠠ ᠶᠢᠨ ᠦᠳᠡᠰᠢᠯᠡᠭᠡ ᠶᠢᠨ ᠲᠣᠬᠯᠠᠯᠲᠠ ᠪᠣᠯᠭᠠᠨ ᠠᠴᠠ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠶᠢᠨ ᠠᠭᠤᠷ ᠠᠮᠢᠰᠬᠤᠯ ᠪᠢᠯᠬᠠᠵᠤ᠂ | ᠨᠦᠵᠢᠭᠢᠨᠡᠨ ᠲᠦᠵᠢᠭᠢᠨᠡᠭᠦ ᠫᠤᠤᠵᠢᠩ ᠤᠨ ᠲᠠᠭᠤᠨ ᠠᠴᠠ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠲᠠᠭᠤᠨ ᠴᠤᠤᠷᠢᠶᠠᠲᠤᠵᠤ᠂ ᠠᠵᠠ ᠵᠢᠷᠭᠠᠯ ᠲᠠᠢ | ᠥᠯᠵᠡᠶᠢᠲᠦ ᠰᠠᠶᠢᠬᠠᠨ ᠴᠣᠩᠬᠤᠨ ᠬᠠᠶᠢᠴᠢᠯᠠᠮᠠᠯ ᠠᠴᠠ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠥᠩᠭᠡ ᠪᠤᠳᠤᠭ ᠲᠣᠳᠣᠷᠠᠨ᠎ᠠ ᠁ ᠭᠡᠷ | ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠪᠣᠯ ᠴᠠᠭᠠᠨ ᠰᠠᠷ᠎ᠠ ᠶᠢᠨ ᠥᠨᠢᠳᠡ ᠶᠢᠨ ᠭᠤᠣᠯ ᠰᠡᠳᠦᠪ ᠪᠤᠯᠬᠤ ᠪᠥᠭᠡᠳ ᠬᠠᠮᠤᠭ ᠤᠨ ᠥᠳᠬᠡᠨ ᠴᠠᠭᠠᠨ ᠰᠠᠷ᠎ᠠ ᠶᠢᠨ | ᠦᠨᠦᠷ ᠠᠮᠲᠠ ᠪᠣᠯᠣᠨ᠎ᠠ᠃ | ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠭᠡᠭᠴᠢ ᠠᠵᠠ ᠵᠢᠷᠭᠠᠯ ᠶᠤᠮᠰᠠᠨ᠃ ᠳᠤᠮᠳᠠᠳᠤᠴᠤᠳ ᠶᠡᠷᠦ ᠠᠴᠠ ᠭᠡᠷ ᠬᠤᠲᠠᠯᠠᠭᠠᠷ ᠢᠶᠠᠨ ᠬᠠᠮᠲᠤ ᠳᠠᠭᠠᠨ | ᠰᠢᠨᠡᠯᠡᠵᠦ᠂ ᠭᠡᠷ ᠪᠦᠯᠢ ᠶᠢᠨ ᠴᠡᠩᠭᠡᠯ ᠵᠢᠷᠭᠠᠯ ᠢ ᠬᠠᠮᠲᠤ ᠪᠠᠷ ᠡᠳ᠋ᠯᠡᠬᠦ ᠶᠢ ᠡᠷᠬᠢᠮᠯᠡᠵᠦ᠂ ᠶᠠᠮᠠᠷᠪᠠ ᠶᠠᠪᠤᠳᠠᠯ ᠭᠡᠳ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠵᠦ | ᠰᠡᠳᠬᠢᠯ ᠤᠨ ᠦᠭᠡ ᠪᠠᠨ ᠠᠭᠤᠵᠢᠷᠠᠲᠠᠯ᠎ᠠ ᠳᠡᠯᠭᠡᠬᠦ ᠶᠢ ᠬᠦᠷᠬᠦ ᠦᠭᠡᠢ᠃ ᠬᠡᠳᠦᠢ ᠶᠠᠭᠠᠷᠠᠤ ᠪᠠᠶᠢᠭᠰᠠᠨ ᠴᠤ᠂ ᠵᠠᠮ ᠬᠡᠳᠦᠢ ᠬᠤᠯᠠ ᠪᠠᠶᠢᠭᠰᠠᠨ ᠴᠤ᠂ ᠭᠡᠷ | ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠪᠣᠯ ᠬᠥᠮᠥᠨ ᠪᠣᠯᠭᠠᠨ ᠤ ᠰᠡᠳᠬᠢᠯ ᠤᠨ ᠭᠦᠨ ᠳᠠᠬᠢ ᠬᠠᠮᠤᠭ ᠤᠨ ᠪᠣᠷᠣᠭᠵᠢᠭᠤᠨ ᠬᠦᠰᠡᠯ ᠡᠷᠡᠮᠡᠯᠵᠡᠯ᠂ ᠢᠮᠠᠭᠲᠠ | ᠬᠤᠪᠢᠷᠠᠰᠢ ᠦᠭᠡᠢ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠬᠡᠯᠬᠢᠶ᠎ᠡ ᠪᠣᠯᠣᠨ᠎ᠠ᠃ ᠭᠡᠷ ᠬᠤᠲᠠᠯᠠᠭᠠᠷ ᠢᠶᠠᠨ ᠴᠤᠭᠯᠠᠵᠤ᠂ ᠰᠠᠶᠢᠬᠠᠨ ᠦᠳᠡᠰᠢ ᠶᠢ ᠬᠠᠮᠲᠤ ᠪᠠᠷ | ᠥᠩᠭᠡᠷᠡᠭᠦᠯᠬᠦ ᠪᠣᠯ ᠤᠯᠠᠮᠵᠢᠯᠠᠯᠲᠤ ᠵᠠᠩ ᠵᠠᠩᠰᠢᠯ ᠤᠨ ᠦᠷᠭᠦᠯᠵᠢᠯᠡᠯ ᠪᠤᠯᠬᠤ ᠪᠥᠭᠡᠳ ᠪᠠᠰᠠ ᠴᠤ ᠣᠶᠤᠨ ᠰᠠᠨᠠᠭᠠᠨ ᠤ ᠬᠥᠭᠡᠭᠡᠴᠡᠯᠳᠦᠯ ᠮᠥᠨ᠃ ᠪᠦᠭᠦ | ᠭᠡᠷ ᠢᠶᠠᠷ ᠢᠶᠠᠨ ᠲᠣᠭᠤᠷᠢᠨ ᠰᠠᠭᠤᠯᠴᠠᠵᠤ᠂ ᠪᠢᠲᠡᠭᠦᠨ ᠤ ᠬᠤᠭᠤᠯᠠ ᠪᠠᠨ ᠢᠳᠡᠨ᠎ᠡ; ᠬᠠᠮᠲᠤ ᠪᠠᠷ ᠴᠠᠭᠠᠨ ᠰᠠᠷ᠎ᠠ ᠶᠢᠨ ᠦᠳᠡᠰᠢᠯᠡᠭᠡ ᠰᠣᠨᠢᠷᠬᠠᠵᠤ᠂ ᠬᠤᠸᠠᠷ | ᠫᠤᠤᠵᠢᠩ ᠤᠨ ᠳᠠᠭᠤᠨ ᠴᠢᠬᠢᠨ᠎ᠡ ᠲᠤᠭᠤᠯᠳᠠᠨ᠎ᠠ; ᠬᠠᠮᠲᠤ ᠪᠠᠷ ᠵᠣᠭᠤᠭ ᠳᠡᠯᠭᠡᠨ᠂ ᠰᠡᠳᠬᠢᠯ ᠤᠨ ᠦᠭᠡ ᠪᠠᠨ ᠶᠠᠷᠢᠵᠤ᠂ ᠢᠷᠡᠭᠡᠳᠦᠢ ᠪᠠᠨ ᠪᠠᠷᠠᠯᠠᠵᠤ᠂ ᠪᠠᠶᠠᠷ | ᠭᠦᠷ ᠲᠠᠢ ᠬᠠᠯᠠᠭᠤᠨ ᠰᠡᠳᠬᠢᠯᠭᠡ ᠨᠢ ᠨᠢᠭᠡ ᠵᠢᠯ ᠤᠨ ᠶᠠᠳᠠᠷᠠᠯ ᠵᠦᠳᠡᠷᠡᠯ ᠢ ᠭᠦᠢᠴᠡᠳ ᠲᠠᠶᠢᠳᠬᠤᠷᠠᠭᠤᠯᠵᠤ ᠳᠡᠶᠢᠯᠦᠨ᠎ᠡ᠃ ᠭᠡᠷ ᠬᠤᠲᠠᠯᠠᠭᠠᠷ ᠨᠠᠶᠢᠵᠠ ᠨᠥᠬᠦᠳ | ᠪᠠᠶᠠᠷ ᠭᠦᠷ ᠲᠠᠢ ᠴᠤᠭᠯᠠᠵᠤ᠂ ᠪᠠᠶᠠᠷ ᠭᠦᠷ ᠢᠶᠠᠷ ᠪᠢᠯᠬᠠᠵᠤ ᠪᠠᠶᠢᠭ᠎ᠠ ᠨᠢ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠵᠣᠯ ᠵᠢᠷᠭᠠᠯᠲᠤ ᠬᠦᠰᠡᠯ | ᠡᠷᠡᠮᠡᠯᠵᠡᠯ ᠪᠤᠯᠣᠨ᠎ᠠ; ᠲᠦᠭ ᠲᠦᠮᠡᠨ ᠠᠶᠢᠯ ᠡᠷᠦᠭᠡ ᠡᠨᠡ ᠬᠦ ᠴᠠᠭ ᠮᠥᠴᠡ ᠶᠢ ᠬᠠᠮᠲᠤ ᠪᠠᠷ ᠥᠩᠭᠡᠷᠡᠭᠡᠵᠦ᠂ ᠲᠦᠭ ᠲᠦᠮᠡᠨ ᠠᠶᠢᠯ ᠡᠷᠦᠭᠡ ᠶᠢᠨ ᠳ᠋ᠧᠩ ᠤᠨ | ᠭᠡᠷᠡᠯ ᠤᠯᠤᠰ ᠣᠷᠣᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠢᠳᠠᠯ ᠢ ᠵᠢᠷᠤᠭᠯᠠᠨ᠎ᠠ᠃ | ᠭᠡᠷ ᠤᠨ ᠬᠥᠮᠥᠰ ᠲᠠᠢ ᠪᠠᠨ ᠬᠠᠮᠲᠤ ᠰᠢᠨᠡᠯᠡᠬᠦ ᠰᠠᠶᠢᠬᠠᠨ᠃ ᠵᠠᠷᠢᠮ ᠬᠥᠮᠥᠨ ᠠᠯᠤᠰ ᠬᠤᠯᠠ ᠠᠴᠠ ᠬᠥᠳᠡᠭᠡ ᠭᠡᠷ ᠲᠡᠭᠡᠨ ᠪᠤᠴᠠᠵᠤ ᠢᠷᠡᠭᠰᠡᠨ ᠨᠢ | ᠵᠥᠪᠭᠡᠨ ᠭᠡᠷ ᠬᠤᠲᠠᠯᠠᠭᠠᠷ ᠢᠶᠠᠨ ᠴᠤᠭᠯᠠᠵᠤ ᠬᠠᠮᠲᠤ ᠰᠢᠨᠡᠯᠡᠬᠦ ᠶᠢᠨ ᠲᠥᠯᠥᠭᠡ ᠶᠤᠮ; ᠵᠠᠷᠢᠮ ᠬᠥᠮᠥᠨ ᠭᠡᠷ ᠪᠦᠯᠢ ᠶᠢᠨ ᠢᠶᠠᠨ ᠬᠠᠮᠲᠤ ᠤᠷᠤᠰᠬᠠᠯ ᠢ ᠰᠥᠷᠴᠦ᠂ | ᠬᠤᠲᠠ ᠳᠤ ᠢᠷᠡᠭᠰᠡᠨ ᠨᠢ ᠪᠠᠰᠠ ᠭᠡᠷ ᠬᠤᠲᠠᠯᠠᠭᠠᠷ ᠢᠶᠠᠨ ᠬᠠᠮᠲᠤ ᠰᠢᠨᠡᠯᠡᠬᠦ ᠶᠢᠨ ᠲᠥᠯᠥᠭᠡ ᠶᠤᠮ; ᠵᠠᠷᠢᠮ ᠬᠥᠮᠥᠨ ᠭᠠᠷ ᠬᠤᠯᠪᠣᠯᠴᠠᠨ ᠠᠭᠤᠯᠠ ᠤᠰᠤ ᠪᠠᠷ | ᠲᠣᠭᠤᠷᠢᠨ ᠵᠢᠭᠤᠯᠴᠢᠯᠠᠬᠤ ᠨᠢ ᠠᠳᠠᠯᠢᠬᠠᠨ ᠭᠡᠷ ᠬᠤᠲᠠᠯᠠᠭᠠᠷ ᠢᠶᠠᠨ ᠬᠠᠮᠲᠤ ᠰᠢᠨᠡᠯᠡᠵᠦ ᠪᠠᠶᠢᠭ᠎ᠠ ᠶᠠᠪᠤᠳᠠᠯ ᠶᠤᠮ; ᠵᠠᠷᠢᠮ ᠬᠥᠮᠥᠨ ᠺᠢᠨᠣ᠋ ᠶᠢᠨ ᠣᠷᠳᠣᠨ ᠳᠤ | ᠪᠣᠯᠵᠣᠵᠤ ᠴᠠᠭᠠᠨ ᠰᠠᠷ᠎ᠠ ᠶᠢ ᠪᠡᠯᠭᠡᠯᠡᠬᠦ ᠹᠢᠯᠢᠮ ᠰᠣᠨᠢᠷᠬᠠᠬᠤ ᠨᠢ ᠮᠥᠨ ᠴᠦ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠵᠦ ᠪᠠᠶᠢᠭ᠎ᠠ ᠶᠠᠪᠤᠳᠠᠯ ᠶᠤᠮ ᠁ | ᠴᠠᠭ ᠦᠶ᠎ᠡ ᠬᠤᠪᠢᠷᠠᠵᠤ᠂ ᠰᠠᠷ᠎ᠠ ᠰᠢᠨ᠎ᠡ ᠶᠢᠨ ᠲᠤᠬᠠᠢ ᠵᠠᠩᠰᠢᠯ ᠬᠤᠪᠢᠷᠠᠵᠤ᠂ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠭᠠᠵᠠᠷ ᠪᠠ ᠭᠡᠯᠪᠡᠷᠢ ᠴᠦ ᠬᠤᠪᠢᠷᠠᠵᠤ | ᠪᠠᠶᠢᠨ᠎ᠠ᠂ ᠭᠡᠪᠡᠴᠦ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠶᠠ ᠭᠡᠰᠡᠨ ᠳᠣᠲᠣᠭᠠᠳᠤ ᠰᠡᠳᠬᠢᠯᠭᠡ ᠬᠤᠪᠢᠷᠠᠭ᠎ᠠ ᠦᠭᠡᠢ᠂ ᠭᠡᠷ ᠬᠤᠲᠠᠯᠠᠭᠠᠷ ᠢᠶᠠᠨ ᠬᠠᠮᠲᠤ ᠳᠠᠭᠠᠨ | ᠰᠢᠨᠡᠯᠡᠬᠦ ᠬᠦᠰᠡᠯ ᠱᠠᠭᠠᠷᠳᠠᠯᠭ᠎ᠠ ᠬᠤᠪᠢᠷᠠᠭ᠎ᠠ ᠦᠭᠡᠢ᠂ ᠪᠡᠶ᠎ᠡ ᠪᠡᠶ᠎ᠡ ᠪᠠᠨ ᠬᠠᠷᠢᠯᠴᠠᠨ ᠨᠠᠨᠳᠢᠩᠨᠠᠬᠤ ᠦᠨᠡᠨ ᠰᠡᠳᠬᠢᠯ ᠬᠤᠪᠢᠷᠠᠭ᠎ᠠ ᠦᠭᠡᠢ᠃ ᠡᠳᠦᠭᠡ ︽ᠵᠢᠭᠤᠯᠴᠢᠯᠠᠨ | ᠰᠢᠨᠡᠯᠡᠬᠦ︾᠂ ︽ᠡᠮᠦᠨᠡᠲᠦ ᠤᠮᠠᠷᠠᠲᠤ ᠣᠷᠣᠨ ᠤ ᠬᠢᠨ ᠭᠠᠵᠠᠷ ᠣᠷᠣᠨ ᠰᠣᠯᠢᠵᠤ ᠰᠢᠨᠡᠯᠡᠬᠦ︾ ᠵᠡᠷᠭᠡ ᠨᠢ ᠴᠠᠭᠠᠨ ᠰᠠᠷ᠎ᠠ ᠶᠢᠨ ᠭᠡᠷ ᠬᠤᠲᠠᠯᠠᠭᠠᠷ ᠢᠶᠠᠨ ᠬᠠᠮᠲᠤ ᠳᠠᠭᠠᠨ | ᠰᠢᠨᠡᠯᠡᠬᠦ ᠶᠢᠨ ᠰᠢᠨ᠎ᠡ ᠠᠷᠭ᠎ᠠ ᠭᠡᠯᠪᠡᠷᠢ ᠪᠣᠯᠵᠤ᠂ ᠳᠤᠮᠳᠠᠳᠤ ᠤᠯᠤᠰ ᠤᠨ ᠴᠠᠭᠠᠨ ᠰᠠᠷ᠎ᠠ ᠶᠢᠨ ᠵᠣᠯ ᠵᠢᠷᠭᠠᠯ ᠤᠨ ᠰᠢᠨ᠎ᠡ ᠪᠠᠶᠢᠳᠠᠯ ᠢ ᠬᠠᠷᠠᠭᠤᠯᠪᠠ᠃ ᠡᠳᠡᠭᠡᠷ ᠰᠢᠨ᠎ᠡ | ᠤᠷᠤᠰᠬᠠᠯ᠂ ᠰᠢᠨ᠎ᠡ ᠬᠠᠨᠳᠤᠰᠢ ᠨᠢ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠶᠢᠨ ᠪᠠᠶᠠᠷ ᠪᠠᠭ᠋ᠠᠳᠤᠯ᠂ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠶᠢᠨ | ᠵᠣᠯ ᠵᠢᠷᠭᠠᠯ ᠢ ᠨᠡᠩ ᠠᠮᠢᠳᠤᠯᠢᠭ ᠢᠶᠠᠷ ᠬᠠᠷᠠᠭᠤᠯᠤᠭᠰᠠᠨ ᠪᠥᠭᠡᠳ ᠳᠤᠮᠳᠠᠳᠤ ᠤᠯᠤᠰ ᠤᠨ ᠭᠡᠷ ᠪᠦᠯᠢ ᠶᠢᠨ ᠦᠶ᠎ᠡ ᠤᠯᠠᠷᠢᠨ ᠣᠷᠣᠰᠢᠨ ᠲᠣᠭᠲᠠᠨᠢᠬᠤ ᠶᠢᠨ | ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠨᠡᠩ ᠠᠮᠢᠳᠤᠯᠢᠭ ᠢᠶᠠᠷ ᠬᠠᠷᠠᠭᠤᠯᠤᠭᠰᠠᠨ ᠪᠠᠶᠢᠨ᠎ᠠ᠃ | ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠵᠦ᠂ ᠣᠮᠤᠭ ᠵᠣᠷᠢᠭ ᠪᠠᠳᠠᠷᠠᠩᠭᠤᠢ ᠪᠠᠷ ᠠᠶᠠᠨ ᠳᠠᠭᠠᠨ ᠲᠠᠭᠢᠨ ᠮᠣᠷᠳᠠᠨ᠎ᠠ᠃ ᠴᠠᠭᠠᠨ ᠰᠠᠷ᠎ᠠ ᠪᠣᠯ ᠭᠡᠷ | ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠴᠠᠭ ᠮᠥᠴᠡ᠂ ᠮᠥᠨ ᠴᠦ ᠡᠷᠴᠢ ᠬᠦᠴᠦ ᠬᠤᠷᠠᠮᠳᠤᠭᠤᠯᠬᠤ ᠴᠠᠭ ᠲᠣᠭᠢᠶᠠᠯ ᠮᠥᠨ᠃ ᠠᠭᠤᠯᠵᠠᠨ ᠵᠣᠯᠭᠠᠭᠰᠠᠨ ᠤ | ᠳᠠᠷᠠᠭ᠎ᠠ᠂ ᠪᠢᠳᠡ ᠰᠢᠨ᠎ᠡ ᠬᠠᠷᠠᠯᠲᠠ ᠪᠠᠨ ᠪᠠᠲᠤ ᠴᠡᠭᠡᠵᠢᠯᠡᠵᠦ᠂ ᠴᠢᠷᠮᠠᠶᠢᠯᠭ᠎ᠠ ᠪᠠᠨ ᠪᠣᠳᠠᠲᠤ ᠠᠵᠢᠯᠯᠠᠭ᠎ᠠ ᠪᠤᠯᠭᠠᠵᠤ᠂ ᠠᠵᠢᠯᠴᠢ ᠭᠦᠳᠡᠯᠮᠦᠷᠢᠴᠢ ᠪᠠ ᠣᠶᠤᠨ | ᠤᠬᠠᠭᠠᠨ ᠢᠶᠠᠷ ᠢᠶᠠᠨ ᠥᠪᠡᠷ ᠥᠪᠡᠷ ᠤᠨ ᠠᠵᠢᠯ ᠦᠢᠯᠡᠰ ᠤᠨ ᠬᠥᠭᠡᠭᠡᠴᠡᠯᠳᠦᠯ ᠢᠶᠠᠨ ᠦᠷᠭᠦᠯᠵᠢᠯᠡᠭᠦᠯᠵᠦ᠂ ᠢᠷᠡᠭᠡᠳᠦᠢ ᠶᠢᠨ ᠠᠮᠢᠳᠤᠷᠠᠯ ᠢᠶᠠᠨ ᠨᠠᠩ ᠭᠡᠷᠡᠯ | ᠰᠠᠴᠤᠷᠠᠩᠭᠤᠢ ᠪᠣᠯᠭᠠᠶ᠎ᠠ᠃ | | | |