ᠵᠢᠯᠣᠭᠤᠴᠢ ᠦᠭᠡᠢ ᠨᠢᠰᠬᠡᠯ ᠰᠥᠨᠢ ᠶᠢᠨ ᠣᠭᠲᠠᠷᠭᠤᠢ ᠳᠤ ᠰᠦᠯᠵᠢᠯᠳᠦᠨ ᠨᠢᠰᠴᠦ ᠬᠤᠸᠠᠷ ᠫᠤᠤᠵᠢᠩ ᠮᠡᠲᠦ ᠰᠣᠯᠣᠩᠭᠠᠷᠠᠵᠤ᠂ AR ᠥᠩᠭᠡᠲᠦ ᠳ᠋ᠧᠩ ᠤᠨ | ᠦᠵᠡᠭᠦᠯᠭᠡ ᠦᠵᠡᠭᠴᠢᠳ ᠤᠨ ᠬᠠᠷᠠᠭ᠎ᠠ ᠶᠢ ᠪᠤᠯᠢᠶᠠᠨ᠂ ︽ᠰᠣᠶᠣᠯ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠤᠨ ᠠᠷᠠᠳ ᠤᠨ ᠵᠠᠩ ᠦᠶᠯᠡ ᠶᠢ ᠪᠡᠶᠡᠴᠢᠯᠡᠨ | ᠣᠶᠢᠯᠠᠭᠠᠬᠤ ᠠᠵᠢᠯᠯᠠᠭ᠎ᠠ ᠪᠠᠶᠠᠯᠢᠭ ᠰᠠᠶᠢᠬᠠᠨ ᠶᠠᠪᠤᠭᠳᠠᠨ᠎ᠠ ᠁ ᠴᠠᠭᠠᠨ ᠰᠠᠷ᠎ᠠ ᠤᠮᠠᠷᠠᠲᠤ ᠬᠢᠯᠢ ᠶᠢᠨ ᠡᠬᠡ ᠭᠠᠵᠠᠷ ᠤᠨ ᠭᠠᠵᠠᠷ ᠪᠣᠯᠭᠠᠨ ᠳᠤ ᠭᠦᠷ ᠬᠥᠭᠵᠢᠶᠡᠨ | ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠵᠤ᠂ ᠡᠯ᠎ᠡ ᠵᠦᠢᠯ ᠤᠨ ᠠᠵᠢᠯᠯᠠᠭ᠎ᠠ ᠶᠢᠨ ᠳᠤᠮᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢ ᠨᠠᠩ ᠴᠤ | ᠰᠢᠨ᠎ᠡ ᠵᠢᠯ ᠤᠨ ᠬᠥᠭᠵᠢᠶᠡᠨᠲᠦ ᠪᠠᠶᠢᠳᠠᠯ ᠳᠤ ᠤᠨᠴᠠᠭᠠᠢ ᠭᠦᠭ ᠨᠡᠮᠡᠷᠢᠯᠡᠭᠰᠡᠨ ᠠᠵᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠳᠲᠡᠷ ᠲᠦᠷᠭᠡᠨ ᠬᠥᠭᠵᠢᠵᠦ᠂ ᠬᠥᠮᠥᠰ ᠤᠨ ᠴᠠᠭᠠᠨ ᠰᠠᠷ᠎ᠠ ᠪᠠᠨ ᠪᠠᠶᠠᠷᠯᠠᠨ ᠪᠡᠯᠭᠡᠯᠡᠬᠦ ᠳᠤ ᠨᠠᠩ ᠣᠯᠠᠨ | ᠰᠣᠩᠭᠤᠯᠲᠠ ᠬᠠᠩᠭᠠᠪᠠ᠃ ᠰᠦᠯᠵᠢᠶᠡᠨ ᠳᠡᠭᠡᠷ᠎ᠡ ᠠᠴᠠ ᠰᠢᠨ᠎ᠡ ᠶᠢᠨ ᠪᠠᠷᠠᠭ᠎ᠠ ᠬᠤᠳᠠᠯᠳᠤᠨ ᠠᠪᠬᠤ ᠨᠢ ᠭᠠᠵᠠᠷ ᠣᠷᠣᠨ ᠤ ᠬᠢᠵᠠᠭᠠᠷᠯᠠᠯ ᠢ ᠡᠪᠳᠡᠵᠦ᠂ ᠬᠥᠮᠥᠰ | ᠭᠡᠷ ᠠᠴᠠ ᠪᠠᠨ ᠭᠠᠷᠬᠤ ᠦᠭᠡᠢ ᠪᠠᠷ ᠰᠠᠨᠠᠭᠰᠠᠨ ᠪᠦᠭᠦ ᠶᠠᠭᠤᠮ᠎ᠠ ᠪᠠᠨ ᠬᠤᠳᠠᠯᠳᠤᠨ ᠠᠪᠴᠤ ᠳᠡᠶᠢᠯᠦᠨ᠎ᠡ; ᠸᠢᠳᠢᠤ᠋ ᠪᠠᠷ ᠰᠢᠨ᠎ᠡ ᠶᠢᠨ ᠵᠣᠯᠭᠠᠯᠲᠠ ᠬᠢᠬᠦ ᠨᠢ ᠴᠠᠭ | ᠣᠷᠣᠨ ᠵᠠᠢ ᠶᠢ ᠳᠠᠪᠠᠵᠤ᠂ ᠰᠠᠶᠢᠨ ᠰᠠᠶᠢᠬᠠᠨ ᠵᠥᠩᠨᠡᠯ ᠢᠶᠠᠨ ᠳᠡᠯᠡᠬᠡᠢ ᠶᠢᠨ ᠡᠯ᠎ᠡ ᠭᠠᠵᠠᠷ ᠲᠤ ᠳᠠᠮᠵᠢᠭᠤᠯᠵᠤ ᠲᠡᠶᠢᠯᠭᠦ ᠪᠣᠯᠤᠭᠰᠠᠨ ᠪᠠᠶᠢᠨ᠎ᠠ; ᠵᠢᠯᠣᠭᠤᠴᠢ ᠦᠭᠡᠢ | ᠨᠢᠰᠬᠡᠯ ᠤᠨ ᠲᠣᠬᠯᠠᠯᠲᠠ᠂ AI ᠪᠠᠷ ᠬᠤᠣᠰ ᠤᠶᠠᠩᠭ᠎ᠠ ᠪᠢᠴᠢᠬᠦ ᠵᠡᠷᠭᠡ ᠰᠢᠨ᠎ᠡ ᠮᠡᠷᠭᠡᠵᠢᠯ ᠨᠢ ᠴᠠᠭᠠᠨ ᠰᠠᠷ᠎ᠠ ᠶᠢᠨ ᠪᠠᠶᠠᠷ ᠲᠤ ᠮᠠᠰᠢ ᠣᠯᠠᠨ ᠰᠢᠨ᠎ᠡ ᠬᠠᠪᠤ ᠴᠡᠩᠭᠡᠯ | ᠠᠪᠴᠢᠷᠠᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠭᠡᠨ ᠬᠥᠭᠵᠢᠯᠲᠡ ᠶᠢᠨ ᠳᠤᠷᠤᠨ᠎ᠠ ᠶᠢᠨ ᠰᠠᠯᠬᠢᠨ ᠤ ᠡᠷᠴᠢᠨ ᠳᠤ ᠬᠠᠴᠢᠨ ᠪᠤᠳᠤᠯ ᠤᠷᠠᠨ | ᠲᠥᠰᠥᠭᠡᠯᠡᠯ ᠬᠢᠭᠡᠳ ᠬᠢᠵᠠᠭᠠᠯᠠᠰᠢ ᠦᠭᠡᠢ ᠪᠦᠲᠦᠭᠡᠯᠴᠢ ᠰᠡᠳᠬᠢᠮᠵᠢ ᠪᠠᠷ ᠤᠯᠠᠮᠵᠢᠯᠠᠯ ᠪᠣᠯᠣᠨ ᠰᠢᠨ᠎ᠡ ᠶᠢ ᠡᠭᠦᠳᠬᠦ ᠶᠢ ᠡᠪᠲᠡᠢ ᠠᠭᠤᠰᠬᠠᠵᠤ᠂ ᠰᠣᠶᠣᠯ ᠪᠣᠯᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠠᠷᠢᠯᠴᠠᠨ ᠠᠭᠤᠰᠤᠯᠴᠠᠵᠤ᠂ ᠴᠠᠭᠠᠨ ᠰᠠᠷ᠎ᠠ ᠨᠢ ᠬᠢᠵᠠᠭᠠᠯᠠᠰᠢ ᠦᠭᠡᠢ ᠪᠦᠲᠦᠭᠡᠯᠴᠢ ᠰᠡᠳᠬᠢᠮᠵᠢ ᠪᠣᠯᠣᠨ ᠠᠮᠢᠵᠢᠷᠠᠯ ᠤᠨ | ᠬᠦᠴᠦᠨ ᠢᠶᠠᠷ ᠪᠢᠯᠬᠠᠪᠠ᠃ | ᠴᠠᠭᠠᠨ ᠰᠠᠷ᠎ᠠ ᠶᠢᠨ ᠵᠠᠩ ᠦᠢᠯᠡ ᠴᠠᠭ ᠦᠶ᠎ᠡ ᠶᠢ ᠲᠠᠭᠠᠨ ᠪᠦᠭᠦ ᠲᠠᠯ᠎ᠠ ᠪᠠᠷ ᠤᠷᠤᠭᠰᠢᠯᠠᠵᠤ ᠪᠠᠶᠢᠬᠤ ᠶᠢᠨ ᠴᠠᠭᠠᠨ᠎ᠠ ᠴᠢᠩᠭ᠎ᠠ ᠬᠦᠴᠦᠲᠡᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠤᠢ᠃ ᠠᠭᠤᠯᠠ ᠳᠠᠯᠠᠢ ᠶᠢ ᠠᠯᠤᠰᠯᠠᠨ ᠢᠷᠦᠭᠡᠯ ᠵᠥᠩᠨᠡᠯ ᠢᠶᠠᠨ ᠳᠡᠪᠰᠢᠭᠦᠯᠵᠦ ᠪᠠᠶᠢᠭ᠎ᠠ ᠶᠢᠨ ᠠᠷᠤ ᠳᠤ | ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠬᠥᠭᠵᠢᠯᠲᠡ ᠪᠤᠢ; ᠲᠦᠷᠭᠡᠨ ᠤ ᠲᠡᠮᠦᠷ ᠵᠠᠮ ᠤᠨ ᠭᠠᠯᠲᠤ ᠲᠡᠷᠭᠡᠨ ᠳᠤ | ᠰᠠᠭᠤᠵᠤ ᠭᠡᠷ ᠲᠡᠭᠡᠨ ᠬᠠᠷᠢᠬᠤ ᠶᠠᠪᠤᠳᠠᠯ ᠨᠢ ᠬᠦᠰᠡᠯ ᠵᠡᠭᠦᠳᠦ ᠪᠠᠶᠢᠭᠰᠠᠨ ᠠᠴᠠ ᠪᠠᠨ ᠪᠣᠳᠠᠲᠤ ᠠᠬᠤᠢ ᠪᠣᠯᠵᠤ ᠬᠤᠪᠢᠷᠠᠭᠰᠠᠨ ᠤ ᠠᠷᠤ ᠳᠤ ᠲᠦᠷᠭᠡᠨ ᠤ ᠲᠡᠮᠦᠷ | ᠵᠠᠮ ᠤᠨ ᠮᠡᠷᠭᠡᠵᠢᠯ ᠤᠨ ᠲᠠᠰᠤᠷᠠᠯᠲᠠ ᠦᠭᠡᠢ ᠰᠢᠨ᠎ᠡ ᠶᠢ ᠡᠭᠦᠳᠦᠭᠰᠡᠨ ᠰᠢᠪᠲᠤᠯᠤᠯᠲᠠ ᠪᠠᠶᠢᠬᠤ ᠶᠤᠮ; ᠡᠷᠲᠡᠨ ᠤ ᠴᠠᠭ ᠦᠶ᠎ᠡ ᠳᠤ ︽ᠪᠤᠴᠠᠵᠤ︾ ᠴᠠᠭᠠᠨ | ᠰᠠᠷ᠎ᠠ ᠶᠢᠨ ᠦᠪᠡᠳᠡᠭᠰᠢ ᠪᠠᠶᠢᠳᠠᠯ ᠢ ᠪᠡᠶᠡᠴᠢᠯᠡᠨ ᠣᠶᠢᠯᠠᠭᠠᠬᠤ ᠶᠢᠨ ᠠᠷᠤ ᠳᠤ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠤᠯᠠᠮᠵᠢᠯᠠᠯᠲᠤ | ᠰᠣᠶᠣᠯ ᠤᠨ ᠬᠤᠭᠤᠷᠤᠨᠳᠤᠭᠢ ᠭᠦᠨᠵᠡᠭᠡᠢ ᠠᠭᠤᠰᠤᠯᠴᠠᠯ ᠪᠠᠶᠢᠬᠤ ᠶᠤᠮ ᠁ ᠭᠠᠵᠠᠷ ᠪᠣᠯᠭᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠶᠢᠬᠠᠮᠰᠢᠭ | ᠬᠠᠷᠠᠭᠳᠠᠭᠰᠠᠨ ᠴᠠᠭᠠᠨ ᠰᠠᠷ᠎ᠠ ᠨᠢ ᠬᠥᠮᠥᠰ ᠤᠨ ᠪᠠᠶᠠᠯᠢᠭ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠶᠢ ᠡᠭᠦᠳᠦᠭᠰᠡᠨ ᠢᠯᠡᠷᠡᠯ ᠪᠤᠯᠬᠤ ᠪᠠᠷ ᠪᠠᠷᠠᠬᠤ ᠦᠭᠡᠢ᠂ ᠨᠠᠩ | ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮ ᠤᠨ ᠬᠥᠭᠵᠢᠯᠲᠡ ᠶᠢ ᠠᠬᠢᠭᠤᠯᠤᠭᠰᠠᠨ ᠠᠮᠢᠳᠤᠯᠢᠭ ᠬᠤᠷᠢᠶᠠᠩᠭᠤᠢ ᠵᠢᠷᠤᠭᠯᠠᠯ ᠪᠣᠯᠣᠨ᠎ᠠ᠃ | ᠴᠠᠭ ᠦᠶ᠎ᠡ ᠳᠤ ᠵᠣᠬᠢᠴᠠᠨ ᠲᠠᠰᠤᠷᠠᠯᠲᠠ ᠦᠭᠡᠢ ᠰᠢᠨ᠎ᠡ ᠶᠢ ᠡᠭᠦᠳᠪᠡᠯ ᠰᠠᠶ᠋ᠢ ᠥᠨᠢ ᠡᠭᠦᠷᠢᠳᠡ ᠴᠤᠭ ᠪᠠᠳᠠᠷᠠᠩᠭᠤᠢ ᠪᠠᠶᠢᠵᠤ ᠴᠢᠳᠠᠨ᠎ᠠ᠃ ᠪᠢᠳᠡ | ᠤᠯᠠᠮᠵᠢᠯᠠᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠰᠣᠯᠪᠢᠴᠠᠯ ᠳᠤᠮᠳᠠ ᠨᠠᠩ ᠣᠯᠠᠨ ᠬᠦᠴᠦᠨ ᠴᠢᠳᠠᠯ ᠢ ᠨᠢᠭᠲᠠᠷᠠᠭᠤᠯᠵᠤ᠂ | ᠤᠯᠠᠮᠵᠢᠯᠠᠯᠲᠤ ᠰᠣᠶᠣᠯ ᠢ ᠪᠠᠳᠠᠷᠠᠭᠤᠯᠤᠨ ᠵᠠᠯᠭᠠᠮᠵᠢᠯᠠᠵᠤ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠪᠠᠷ ᠰᠢᠨ᠎ᠡ ᠵᠢᠯ ᠴᠠᠭᠠᠨ ᠰᠠᠷ᠎ᠠ ᠶᠢᠨ | ᠦᠨᠦᠷ ᠠᠮᠲᠠ ᠶᠢ ᠥᠳᠬᠡᠷᠡᠭᠦᠯᠵᠦ᠂ ᠰᠢᠨ᠎ᠡ ᠵᠢᠯ ᠴᠠᠭᠠᠨ ᠰᠠᠷ᠎ᠠ ᠶᠢᠨ ᠥᠩᠭᠡ ᠪᠤᠳᠤᠭ ᠢ ᠪᠠᠶᠠᠯᠢᠭᠵᠢᠭᠤᠯᠵᠤ᠂ ᠤᠯᠠᠮᠵᠢᠯᠠᠯᠲᠤ ᠴᠠᠭᠠᠨ ᠰᠠᠷ᠎ᠠ ᠶᠢᠨ ᠴᠠᠭ ᠦᠶ᠎ᠡ ᠶᠢᠨ | ᠰᠢᠨ᠎ᠡ ᠰᠢᠳᠢ ᠬᠦᠴᠦᠨ ᠢ ᠪᠠᠳᠠᠷᠠᠭᠤᠯᠬᠤ ᠶᠢ ᠠᠬᠢᠭᠤᠯᠵᠠᠭᠠᠶ᠎ᠠ᠃ | | |