ᠰᠣᠶᠣᠯ ᠤᠨ ᠥᠪ ᠢᠶᠠᠨ ᠦᠶ᠎ᠡ ᠶᠢᠨ ᠦᠶ᠎ᠡ ᠤᠯᠠᠮᠵᠢᠯᠠᠶ᠎ᠠ
ᠨᠡᠶᠢᠲᠡᠯᠡᠭᠰᠡᠨ ᠴᠠᠭ᠄
2025/2/14
       ᠮᠦᠽᠧᠢ ᠳᠤ ᠳᠡᠯᠭᠡᠨ ᠦᠵᠡᠭᠦᠯᠵᠦ ᠪᠠᠶᠢᠭ᠎ᠠ ᠮᠣᠭᠠᠢ ᠵᠢᠯ ᠤᠨ ᠲᠤᠬᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠠᠭᠠᠨᠠᠬᠢ ᠰᠣᠶᠣᠯ ᠤᠨ ᠦᠯᠢᠭᠡᠷ ᠢ  ᠰᠣᠨᠣᠰᠴᠤ᠂ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠪᠠᠷ ᠲᠣᠭᠤᠷᠢᠵᠤ ᠥᠩᠭᠡ ᠢᠯᠭᠠᠷᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ  ᠪᠦᠲᠦᠭᠡᠯᠴᠢ ᠦᠢᠯᠡᠳᠬᠦᠨ ᠠᠴᠠ ᠬᠤᠳᠠᠯᠳᠤᠨ ᠠᠪᠴᠤ᠂ ᠴᠠᠭᠠᠨ ᠰᠠᠷ᠎ᠠ ᠶᠢᠨ ᠰᠦᠮ᠎ᠡ ᠶᠢᠨ ᠴᠤᠭᠯᠠᠭᠠᠨ ᠳᠡᠭᠡᠷ᠎ᠡ ᠭᠠᠵᠠᠷ ᠰᠠᠢ ᠦᠭᠡᠢ ᠳᠡᠯᠭᠡᠭᠳᠡᠭᠰᠡᠨ ᠪᠣᠳᠠᠰ ᠤᠨ  ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠠᠴᠠ ᠠᠮᠰᠠᠨ᠎ᠠ ᠁ ︽ᠪᠣᠳᠠᠰ ᠤᠨ ᠪᠤᠰᠤ ᠰᠣᠶᠣᠯ ᠤᠨ ᠥᠪ︾ ᠪᠣᠯᠤᠭᠰᠠᠨ ᠠᠩᠬᠠᠳᠠᠭᠴᠢ ᠴᠠᠭᠠᠨ ᠰᠠᠷ᠎ᠠ ᠳᠤ  ᠪᠦᠭᠦ ᠤᠯᠤᠰ ᠤᠨ ᠡᠯ᠎ᠡ ᠭᠠᠵᠠᠷ ᠤᠨ ᠬᠢᠨ ᠡᠯᠪᠡᠭ ᠪᠠᠶᠠᠯᠢᠭ ︽ᠰᠣᠶᠣᠯ ᠤᠨ ᠦᠪᠡᠳᠡᠭᠰᠢ ᠨᠠᠶᠢᠷ︾᠎ ᠢ ᠨᠠᠷᠢᠯᠢᠭ ᠨᠢᠮᠪᠠᠢ ᠪᠡᠯᠡᠳᠬᠡᠵᠦ᠂ ᠳᠤᠮᠳᠠᠳᠤ ᠶᠢᠨ ᠰᠢᠯᠢᠳᠡᠭ  ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠴᠠᠭᠠᠨ ᠰᠠᠷ᠎ᠠ ᠶᠢᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠳᠤ ᠭᠦᠭ ᠨᠡᠮᠡᠷᠢᠯᠡᠵᠦ  ᠪᠠᠶᠢᠨ᠎ᠠ᠃        ᠴᠠᠭᠠᠨ ᠰᠠᠷ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠦᠪᠡᠳᠡᠭᠰᠢ ᠶᠡᠭᠡ ᠤᠯᠠᠮᠵᠢᠯᠠᠯᠲᠤ ᠪᠠᠶᠠᠷ ᠤᠨ ᠡᠳᠦᠷ ᠪᠣᠯᠤᠭᠰᠠᠨ ᠤ ᠬᠤᠪᠢ ᠳᠤ᠂  ᠬᠠᠭᠤᠴᠢᠨ ᠣᠨ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠶᠣᠰᠣᠯᠠᠯ ᠪᠤᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠰᠣᠶᠣᠯ ᠤᠨ ᠬᠡᠳᠦᠨ ᠮᠢᠩᠭᠠᠨ  ᠵᠢᠯ ᠤᠨ ᠭᠦᠨ ᠵᠤᠵᠠᠭᠠᠨ ᠣᠣᠷ ᠲᠤᠨᠳᠠᠰᠤ ᠶᠢ ᠠᠴᠢᠶᠠᠯᠠᠵᠤ ᠪᠠᠶᠢᠳᠠᠭ᠃ ᠴᠠᠭᠠᠨ ᠰᠠᠷ᠎ᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠬᠥᠮᠥᠨ ᠪᠣᠯ ᠬᠠᠮᠤᠭ ᠤᠨ  ᠴᠢᠬᠤᠯᠠ ᠠᠴᠢᠶᠠᠯᠠᠪᠤᠷᠢ᠂ ᠠᠮᠢᠳᠤᠷᠠᠯ ᠪᠣᠯ ᠬᠠᠮᠤᠭ ᠤᠨ ᠠᠮᠢᠳᠤᠯᠢᠭ ᠠᠬᠤᠢ ᠪᠠᠶᠢᠳᠠᠯ ᠶᠤᠮ᠃ ᠴᠠᠭᠠᠨ ᠰᠠᠷ᠎ᠠ ᠶᠢᠨ ᠬᠤᠣᠰ ᠤᠶᠠᠩᠭ᠎ᠠ ᠨᠠᠭᠠᠬᠤ᠂ ᠤᠯᠠᠭᠠᠨ ᠳ᠋ᠧᠩᠯᠦ  ᠡᠯᠭᠦᠬᠦ᠂ ᠪᠢᠲᠡᠭᠦᠨ ᠤ ᠬᠤᠭᠤᠯᠠ ᠢᠳᠡᠬᠦ᠂ ᠰᠢᠨ᠎ᠡ ᠶᠢᠨ ᠵᠣᠯᠭᠠᠯᠲᠠ ᠬᠢᠬᠦ ᠵᠡᠷᠭᠡ ᠵᠠᠩ ᠵᠠᠩᠰᠢᠯ ᠨᠢ ᠴᠥᠮ ᠳᠤᠮᠳᠠᠳᠤ ᠶᠢᠨ ᠰᠣᠶᠣᠯ ᠤᠨ ᠥᠨᠢ ᠤᠳᠠᠭᠠᠨ ᠤ  ᠤᠯᠠᠮᠵᠢᠯᠠᠯ ᠳᠤ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠰᠣᠶᠣᠯ ᠤᠨ ᠳᠤᠷᠠᠰᠤᠮᠵᠢ ᠪᠣᠯᠤᠭᠰᠠᠨ ᠪᠢᠯᠡ᠃        ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠬᠥᠮᠥᠰ ᠤᠨ ᠠᠮᠢᠳᠤᠷᠠᠯ ᠤᠨ ᠠᠷᠭ᠎ᠠ ᠮᠠᠶ᠋ᠢᠭ ᠲᠠᠰᠤᠷᠠᠯᠳᠠ ᠦᠭᠡᠢ ᠰᠢᠨᠡᠳᠦᠨ ᠰᠠᠶᠢᠵᠢᠷᠠᠵᠤ᠂ ᠰᠢᠨᠡᠯᠡᠬᠦ  ᠰᠢᠨ᠎ᠡ ᠠᠷᠭ᠎ᠠ ᠮᠠᠶ᠋ᠢᠭ ᠴᠤ ᠲᠠᠰᠤᠷᠠᠯᠳᠠ ᠦᠭᠡᠢ ᠬᠤᠪᠢᠷᠠᠵᠤ ᠪᠠᠶᠢᠨ᠎ᠠ᠃ ᠲᠦᠷᠦᠯ ᠰᠠᠳᠤᠨ ᠨᠠᠶᠢᠵᠠ ᠨᠥᠬᠦᠳ ᠢᠶᠠᠨ ᠡᠷᠭᠢᠨ ᠦᠵᠡᠬᠦ ᠤᠯᠠᠮᠵᠢᠯᠠᠯᠲᠤ ᠵᠠᠩ ᠵᠠᠩᠰᠢᠯ ᠠᠴᠠ ᠠᠪᠤᠭᠠᠳ ᠰᠦᠯᠵᠢᠶᠡᠨ ᠳᠡᠭᠡᠷ᠎ᠡ ᠸᠢᠳᠢᠤ᠋ ᠵᠣᠯᠭᠠᠯᠲᠠ ᠬᠢᠬᠦ ᠭᠦᠷᠲᠡᠯ᠎ᠡ᠂ ᠭᠡᠷ ᠤᠨ ᠬᠥᠮᠥᠰ ᠲᠠᠢ ᠪᠠᠨ ᠬᠠᠮᠲᠤ ᠲᠧᠯᠸᠢᠰ ᠢᠶᠠᠨ ᠲᠣᠭᠤᠷᠢᠨ ᠰᠠᠭᠤᠯᠴᠠᠵᠤ ᠴᠠᠭᠠᠨ  ᠰᠠᠷ᠎ᠠ ᠶᠢᠨ ᠦᠳᠡᠰᠢᠯᠡᠭᠡ ᠰᠣᠨᠢᠷᠬᠠᠬᠤ ᠠᠴᠠ ᠠᠪᠤᠭᠠᠳ ᠪᠦᠭᠦ ᠭᠡᠷ ᠢᠶᠠᠷ ᠢᠶᠠᠨ ᠭᠠᠳᠠᠭᠰᠢ ᠭᠠᠷᠴᠤ ᠵᠢᠭᠤᠯᠴᠢᠯᠠᠵᠤ ᠰᠢᠨ᠎ᠡ ᠮᠠᠶ᠋ᠢᠭ ᠢᠶᠠᠷ ᠴᠠᠭᠠᠯᠠᠬᠤ ᠭᠦᠷᠲᠡᠯ᠎ᠡ᠂  ᠭᠡᠯᠪᠡᠷᠢ ᠨᠢ ᠶᠠᠭᠠᠬᠢᠵᠤ ᠬᠤᠪᠢᠷᠠᠭᠰᠠᠨ ᠴᠤ ᠴᠠᠭᠠᠨ ᠰᠠᠷ᠎ᠠ ᠶᠢᠨ ᠰᠣᠶᠣᠯ ᠤᠨ ᠭᠤᠣᠯ ᠠᠭᠤᠯᠬᠤᠨ ᠬᠤᠪᠢᠷᠠᠭ᠎ᠠ ᠦᠭᠡᠢ᠂ ᠴᠠᠭᠠᠨ ᠰᠠᠷ᠎ᠠ ᠨᠢ ᠬᠥᠮᠥᠰ ᠤᠨ ᠰᠠᠶᠢᠨ  ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ᠂ ᠭᠡᠷ ᠬᠤᠲᠠᠯᠠᠭᠠᠷ ᠢᠶᠠᠨ ᠴᠤᠭᠯᠠᠷᠠᠨ ᠨᠠᠷᠭᠢᠯᠳᠤᠬᠤ ᠬᠦᠰᠡᠯ ᠡᠷᠡᠮᠡᠯᠵᠡᠯ ᠨᠢ  ᠮᠥᠩᠬᠡ ᠶᠢᠨ ᠰᠡᠳᠦᠪ  ᠪᠣᠯᠣᠭᠰᠠᠭᠠᠷ ᠪᠤᠢ᠃        ᠴᠠᠭᠠᠨ ᠰᠠᠷ᠎ᠠ ᠨᠢ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠪᠣᠯᠤᠭᠰᠠᠨ ᠶᠠᠪᠤᠳᠠᠯ ᠨᠢ ᠴᠠᠭᠠᠨ ᠰᠠᠷ᠎ᠠ ᠨᠢᠭᠡᠨᠲᠡ ᠪᠦᠭᠦ ᠬᠥᠮᠥᠨ  ᠲᠥᠷᠥᠯᠬᠢᠲᠡᠨ ᠤ ᠬᠠᠮᠲᠤ ᠪᠠᠷ ᠡᠳ᠋ᠯᠡᠬᠦ ᠰᠣᠶᠣᠯ ᠤᠨ ᠦᠨᠡᠲᠦ ᠡᠷᠳᠡᠨᠢ ᠪᠣᠯᠤᠭᠰᠠᠨ ᠢ ᠬᠠᠷᠠᠭᠤᠯᠵᠤ᠂ ᠨᠡᠩ ᠴᠤ ᠪᠢᠳᠡᠨ ᠤ ᠰᠣᠶᠣᠯ ᠤᠨ ᠢᠲᠡᠭᠡᠯ ᠪᠣᠯᠣᠨ ᠰᠣᠶᠣᠯ ᠤᠨ  ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠰᠠᠶᠢᠨ ᠵᠠᠯᠭᠠᠮᠵᠢᠯᠠᠭᠴᠢ ᠪᠣᠯᠵᠤ᠂  ᠤᠳᠤ ᠦᠶ᠎ᠡ ᠶᠢᠨ ᠠᠮᠢᠳᠤᠷᠠᠯ ᠳᠤᠮᠳᠠ ᠪᠠᠨ ᠡᠷᠲᠡᠨ ᠤ ᠵᠠᠩ ᠦᠢᠯᠡ ᠶᠢᠨ ᠰᠢᠨ᠎ᠡ  ᠭᠠᠶᠢᠬᠠᠮᠰᠢᠭ ᠢ ᠦᠷᠭᠦᠯᠵᠢᠯᠡᠨ ᠪᠢᠴᠢᠭᠯᠡᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠤᠯᠠᠮᠵᠢᠯᠠᠯ ᠢᠶᠠᠷ ᠢᠷᠡᠭᠡᠳᠦᠢ ᠶᠢᠨ ᠵᠠᠮ ᠢ ᠭᠡᠷᠡᠯᠳᠤᠭᠦᠯᠵᠤ᠂ ᠴᠠᠭᠠᠨ  ᠰᠠᠷ᠎ᠠ ᠶᠢ ᠨᠡᠩ ᠦᠨᠦᠷ ᠠᠮᠲᠠ ᠲᠠᠢ ᠪᠤᠯᠭᠠᠵᠤ᠂ ᠳᠡᠯᠡᠬᠡᠢ ᠳ᠋ᠠᠬᠢᠨ ᠳᠤ ᠨᠡᠩ ᠶᠡᠭᠡ ᠭᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠠᠬᠢᠭᠤᠯᠬᠤ ᠬᠡᠷᠡᠭᠲᠡᠢ ᠭᠡᠳᠡᠭ ᠢ  ᠰᠠᠨᠠᠭᠤᠯᠵᠤ ᠪᠠᠶᠢᠨ᠎ᠠ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ