ᠬᠦᠴᠦᠨ ᠴᠢᠳᠠᠯ ᠢᠶᠠᠨ ᠬᠤᠷᠠᠮᠳᠤᠭᠤᠯᠵᠤ ᠰᠢᠨ᠎ᠡ ᠠᠶᠠᠨ ᠳᠠᠭᠠᠨ ᠮᠣᠷᠳᠠᠶ᠎ᠠ
ᠨᠡᠶᠢᠲᠡᠯᠡᠭᠰᠡᠨ ᠴᠠᠭ᠄
2025/2/14
       ᠰᠢᠨᠡᠯᠡᠵᠤ ᠴᠠᠭᠠᠯᠠᠬᠤ ᠶᠢᠨ ᠭᠤᠣᠯ ᠰᠡᠳᠦᠪ ᠪᠣᠯ ᠬᠠᠮᠲᠤ ᠳᠠᠭᠠᠨ ᠴᠤᠭᠯᠠᠷᠠᠨ ᠪᠠᠶᠠᠰᠤᠯᠴᠠᠬᠤ ᠶᠠᠪᠤᠳᠠᠯ ᠶᠤᠮ᠂ ᠪᠠᠰᠠ ᠴᠦ ᠬᠦᠴᠦᠨ ᠴᠢᠳᠠᠯ ᠢᠶᠠᠨ  ᠬᠤᠷᠠᠮᠳᠤᠭᠤᠯᠵᠤ᠂ ᠲᠠᠭᠢᠨ ᠰᠢᠨ᠎ᠡ ᠠᠶᠠᠨ ᠳᠠᠭᠠᠨ ᠮᠣᠷᠳᠠᠬᠤ ᠪᠠᠷ ᠪᠡᠯᠡᠳᠬᠡᠬᠦ  ᠴᠠᠭ ᠮᠥᠴᠡ ᠪᠣᠯᠣᠨ᠎ᠠ᠃ ᠪᠠᠶᠠᠷ ᠪᠠᠶᠠᠰᠬᠤᠯᠠᠩᠲᠤ ᠡᠶ᠎ᠡ ᠨᠠᠶᠢᠷᠠᠮᠳᠠᠭᠤ ᠠᠭᠤᠷ  ᠠᠮᠢᠰᠬᠤᠯ ᠤᠨ ᠳᠤᠮᠳᠠ ᠬᠥᠮᠥᠰ ᠨᠢᠭᠡ ᠵᠢᠯ ᠤᠨ ᠴᠢᠯᠡᠭᠡ ᠪᠠᠨ ᠲᠠᠶᠢᠯᠵᠦ᠂ ᠰᠠᠶᠢᠨ ᠢ ᠡᠳ᠋ᠯᠡᠨ᠂ ᠨᠤᠲᠤᠭ ᠤᠰᠤ ᠪᠠᠨ ᠡᠷᠭᠢᠵᠦ ᠰᠡᠳᠬᠢᠯ ᠰᠠᠨᠠᠭ᠎ᠠ ᠪᠠᠨ  ᠲᠠᠶᠢᠳᠬᠤᠷᠠᠭᠤᠯᠳᠠᠭ᠃        ᠶᠠᠪᠤᠵᠤ ᠥᠩᠭᠡᠷᠡᠭᠰᠡᠨ ᠠᠯᠢ ᠤᠯᠠᠨ ᠵᠠᠮ ᠠᠴᠠ ᠭᠡᠷ ᠨᠤᠲᠤᠭ ᠢᠶᠠᠨ ᠵᠣᠷᠢᠬᠤ ᠵᠠᠮ ᠬᠠᠮᠤᠭ ᠤᠨ ᠵᠢᠷᠭᠠᠯᠲᠠᠢ ᠰᠠᠨᠠᠭᠳᠠᠳᠠᠭ᠃ ᠡᠨᠡ ᠬᠦ ᠵᠠᠮ ᠨᠢ ᠶᠠᠮᠠᠷ ᠨᠢᠭᠡ  ᠵᠦᠢᠯ ᠤᠨ ᠭᠠᠶᠢᠬᠠᠮᠰᠢᠭᠲᠤ ᠷᠢᠳᠢ ᠰᠢᠳᠢ ᠲᠠᠢ ᠰᠢᠭ᠋ ᠪᠠᠶᠢᠵᠤ᠂ ᠶᠡᠷᠦ ᠨᠢ ᠨᠢᠭᠡ ᠵᠢᠯ ᠤᠨ ᠮᠥᠷᠥᠭᠡᠳᠦᠯ ᠪᠠ ᠬᠦᠰᠡᠯ ᠨᠠᠶᠢᠳᠠᠯᠭ᠎ᠠ ᠶᠢ ᠠᠴᠢᠶᠠᠯᠠᠵᠤ᠂ ᠬᠥᠮᠥᠰ  ᠳᠤᠷᠠᠲᠠᠶ᠎ᠠ ᠠᠯᠢᠪᠠ ᠬᠦᠴᠢᠷ ᠲᠦᠪᠡᠭ ᠢ ᠢᠯᠠᠨ ᠳᠠᠪᠠᠵᠤ ᠠᠷᠤ ᠭᠡᠷ ᠵᠦᠭ ᠢᠶᠠᠨ ᠲᠡᠮᠡᠦᠯᠳᠡᠭ᠃ ᠭᠡᠷ ᠲᠡᠭᠡᠨ ᠬᠠᠷᠢᠵᠤ ᠠᠪᠤ ᠡᠵᠢ᠂ ᠲᠥᠷᠥᠯ ᠰᠠᠳᠤᠨ᠂ ᠨᠠᠶᠢᠵᠠ  ᠨᠥᠬᠦᠳ ᠲᠠᠢ ᠪᠠᠨ ᠬᠠᠮᠲᠤ ᠨᠠᠶᠢᠷᠠᠯᠳᠤᠨ᠎ᠠ; ᠨᠤᠲᠤᠭ ᠤᠰᠤ᠂ ᠡᠪᠦᠭᠡ ᠳᠡᠭᠡᠳᠦᠰ ᠢᠶᠠᠨ ᠰᠠᠨᠠᠭᠠᠯᠵᠠᠨ ᠮᠦᠷᠦᠭᠡᠳᠦᠨ᠎ᠡ; ᠪᠡᠶ᠎ᠡ ᠰᠡᠳᠬᠢᠯ ᠤᠨ ᠢᠶᠠᠨ ᠴᠢᠯᠡᠭᠡ ᠶᠢ  ᠲᠠᠶᠢᠯᠵᠦ᠂ ᠤᠷᠮ᠎ᠠ ᠵᠣᠷᠢᠭ ᠢᠶᠠᠨ ᠬᠥᠪᠴᠢᠯᠡᠨ᠎ᠡ᠃ ᠭᠡᠷ ᠪᠣᠯ ᠬᠥᠮᠥᠰ ᠤᠨ ᠬᠠᠶᠢᠷ᠎ᠠ ᠰᠡᠳᠬᠢᠯᠭᠡ ᠶᠢᠨ ᠬᠠᠯᠠᠭᠤᠨ ᠪᠠᠭᠤᠴᠠ᠂ ᠪᠠᠰᠠ ᠴᠦ ᠢᠷᠡᠬᠦ ᠵᠢᠯ ᠤᠨ ᠰᠢᠨ᠎ᠡ  ᠠᠶᠠᠨ ᠳᠠᠭᠠᠨ  ᠮᠣᠷᠳᠠᠬᠤ ᠭᠠᠷᠤᠭ᠎ᠠ ᠪᠤᠯᠬᠤ ᠶᠤᠮ᠃        ᠲᠦᠭ ᠲᠦᠮᠡᠨ ᠠᠶᠢᠯ ᠡᠷᠦᠭᠡ ᠲᠦᠪᠰᠢᠨ ᠵᠢᠷᠭᠠᠵᠤ᠂ ᠲᠡᠭᠷᠢ ᠳᠤ ᠭᠡᠷᠡᠯᠲᠤᠭᠦ ᠭᠡᠭᠡᠨ ᠰᠠᠷᠠᠨ ᠮᠠᠷᠭᠠᠰᠢ ᠶᠢᠨ ᠠᠶᠠᠨ ᠢ ᠭᠡᠷᠡᠯᠲᠦᠭᠦᠯᠦᠨ᠎ᠡ᠃ ᠭᠡᠷ ᠲᠡᠭᠡᠨ  ᠬᠠᠷᠢᠵᠤ ᠰᠢᠨᠡᠯᠡᠬᠦ ᠪᠣᠯ ᠨᠢᠭᠡ ᠵᠦᠢᠯ ᠤᠨ ᠶᠣᠰᠣᠯᠠᠯ ᠪᠤᠯᠬᠤ ᠪᠥᠭᠡᠳ ᠥᠩᠭᠡᠷᠡᠭᠰᠡᠨ ᠵᠢᠯ ᠯᠦᠭᠡ ᠶᠢᠨ ᠠᠶᠠᠷᠯᠠᠯᠳᠠ ᠪᠠ ᠰᠢᠨ᠎ᠡ ᠵᠢᠯ ᠤᠨ ᠲᠤᠬᠠᠢ ᠬᠦᠰᠡᠯ ᠪᠠᠷᠠᠯᠠᠯ  ᠪᠤᠶᠤ᠃ ᠠᠪᠤ ᠡᠵᠢ ᠶᠢᠨ ᠬᠠᠶᠢᠷᠠᠯᠠᠭᠰᠠᠨ ᠬᠠᠯᠠᠭᠤᠨ ᠳᠣᠲᠣᠨᠣ ᠰᠤᠷᠭᠠᠯ ᠵᠠᠬᠢᠶ᠎ᠠ᠂ ᠰᠠᠳᠤᠨ ᠲᠥᠷᠥᠯ ᠤᠨ ᠬᠤᠭᠤᠷᠣᠨᠳᠤᠭᠢ ᠬᠡᠯᠡᠯᠴᠡᠭᠡᠳ ᠪᠠᠷᠠᠰᠢ ᠦᠭᠡᠢ ᠵᠣᠭᠤᠭ᠂  ᠬᠤᠭᠤᠯᠠᠨ ᠰᠢᠷᠡᠭᠡᠨ ᠳᠡᠭᠡᠷᠡᠬᠢ ᠢᠨᠢᠶᠡᠳᠦ ᠪᠠᠶᠠᠰᠤᠯ ᠨᠢ ᠴᠥᠮ ᠰᠢᠨ᠎ᠡ ᠵᠢᠯ ᠴᠠᠭᠠᠨ ᠰᠠᠷ᠎ᠠ ᠶᠢᠨ ᠦᠨᠦᠷ ᠠᠮᠲᠠ ᠭᠡᠯᠲᠡᠢ᠃ ᠰᠢᠷᠡᠭᠡ ᠳᠦᠭᠦᠷᠡᠩ ᠪᠢᠲᠡᠭᠦᠨ ᠤ  ᠬᠤᠭᠤᠯᠠ ᠭᠡᠰᠡᠨ ᠴᠤ ᠲᠡᠷᠡ᠂ ᠡᠰᠡᠬᠦᠯ᠎ᠡ ᠲᠡᠷᠭᠡ ᠳᠦᠭᠦᠷᠡᠩ ᠠᠴᠢᠭᠰᠠᠨ ᠨᠤᠲᠤᠭ ᠤᠨ ᠢᠳᠡᠭᠡᠨ ᠤᠮᠳᠠᠭᠠᠨ ᠭᠡᠰᠡᠨ ᠴᠤ ᠲᠡᠷᠡ᠂ ᠨᠠᠩ ᠰᠠᠶᠢᠨ ᠬᠢᠷᠢ ᠪᠦᠲᠦᠮᠵᠢ ᠪᠠᠷ ᠢᠶᠠᠨ ᠠᠪᠤ ᠡᠵᠢ ᠪᠠᠨ ᠪᠠᠶᠠᠰᠬᠠᠬᠤ ᠭᠡᠰᠡᠨ ᠴᠤ ᠲᠡᠷᠡ᠂ ᠦᠷ᠎ᠡ ᠬᠡᠦᠬᠡᠳ ᠲᠡᠭᠡᠨ ᠨᠠᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠭᠦ ᠭᠡᠰᠡᠨ ᠴᠤ ᠲᠡᠷᠡ᠂ ᠭᠡᠷ ᠤᠨ  ᠬᠥᠮᠥᠰ ᠪᠣᠯ ᠬᠡᠵᠢᠶᠡᠳᠡ ᠪᠢᠳᠡᠨ ᠤ ᠴᠢᠷᠮᠠᠶᠢᠨ ᠲᠡᠮᠡᠴᠡᠬᠦ ᠤᠭ ᠰᠠᠨᠠᠭ᠎ᠠ ᠪᠠ ᠬᠥᠳᠡᠯᠭᠡᠬᠦ ᠬᠦᠴᠦᠨ ᠶᠤᠮ᠃        ᠭᠡᠷ ᠬᠤᠲᠠᠯᠠᠭᠠᠷ ᠢᠶᠠᠨ ᠬᠠᠮᠲᠤ ᠴᠤᠭᠯᠠᠷᠠᠨ ᠪᠠᠶᠠᠰᠤᠯᠴᠠᠬᠤ ᠴᠠᠭ ᠮᠥᠴᠡ ᠣᠬᠤᠷᠬᠠᠨ ᠪᠤᠯᠪᠠᠴᠤ ᠬᠥᠮᠥᠰ ᠬᠠᠶᠢᠷ᠎ᠠ ᠬᠠᠯᠠᠮᠵᠢᠯᠠᠯ ᠤᠨ ᠳᠤᠮᠳᠠ ᠠᠴᠠ  ᠬᠦᠴᠦᠨ ᠴᠢᠳᠠᠯ ᠣᠯᠵᠤ᠂ ᠦᠷᠭᠦᠯᠵᠢᠯᠡᠨ ᠲᠡᠮᠡᠴᠡᠬᠦ ᠡᠷᠴᠢ ᠵᠣᠷᠢᠭ ᠢ ᠭᠦᠷᠳᠡᠳᠡᠭ ᠤᠴᠢᠷᠲᠠᠢ᠃ ᠡᠶᠢᠮᠦᠷᠬᠦᠦ ᠰᠥᠰᠥ ᠵᠣᠷᠢᠭ ᠪᠠ ᠬᠦᠴᠦᠨ ᠴᠢᠳᠠᠯ ᠨᠢ  ᠢᠷᠡᠭᠡᠳᠦᠢ ᠶᠢᠨ ᠲᠡᠮᠡᠴᠡᠯ ᠤᠨ ᠴᠢᠭᠯᠡᠯ ᠢ ᠨᠡᠩ ᠲᠣᠳᠣᠷᠬᠠᠢ ᠪᠤᠯᠭᠠᠵᠤ᠂ ᠮᠡᠷᠡᠶᠢᠨ ᠴᠢᠷᠮᠠᠶᠢᠬᠤ ᠬᠦᠰᠡᠯ ᠵᠣᠷᠢᠭ ᠢ ᠨᠡᠩ ᠡᠷᠡᠰ ᠪᠠᠲᠤ ᠪᠤᠯᠭᠠᠵᠤ᠂ ᠤᠷᠤᠭᠰᠢᠯᠠᠯᠲᠠ ᠶᠢᠨ  ᠠᠯᠬᠤᠭ᠎ᠠ ᠶᠢ ᠨᠡᠩ ᠢᠳᠡᠷᠡᠭᠦᠨ ᠬᠦᠴᠦᠲᠡᠢ ᠪᠣᠯᠭᠠᠳᠠᠭ᠃ ᠠᠮᠤᠰᠬᠢᠭᠡᠳ ᠠᠪᠬᠤ ᠨᠢ ᠨᠠᠩ ᠰᠠᠶᠢᠨ ᠮᠣᠷᠳᠠᠬᠤ ᠶᠢᠨ ᠲᠥᠯᠥᠭᠡ ᠶᠤᠮ᠃ ᠤᠴᠠᠷᠠᠨ ᠵᠣᠯᠭᠠᠵᠤ  ᠨᠠᠷᠭᠢᠯᠳᠤᠬᠤ ᠴᠠᠭ ᠮᠥᠴᠡ ᠣᠬᠤᠷᠬᠠᠨ ᠪᠤᠯᠪᠠᠴᠤ ᠬᠠᠶᠢᠷ᠎ᠠ ᠰᠡᠳᠬᠢᠯ ᠡᠭᠦᠷᠢᠳᠡ ᠶᠢᠨ ᠶᠤᠮ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠠᠶᠠᠨ ᠳᠠᠭᠠᠨ  ᠮᠣᠷᠳᠠᠶ᠎ᠠ︕        
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ