ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ 2024 ᠣᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ | ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠨᠡᠶᠢᠲᠡᠯᠡᠪᠡ᠂ ᠪᠥᠬᠦ ᠤᠯᠤᠰ ᠲᠠᠬᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 178 ᠲᠣᠭᠤᠷᠢᠭ ᠤᠨ | ᠳᠣᠲᠣᠷ᠎ᠠ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠶᠡᠷᠦᠩᠬᠡᠶᠢᠯᠡᠭᠰᠡᠨ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ 68 | ᠳ᠋ᠤᠭᠠᠷ ᠨᠡᠷᠡᠰ ᠲᠤ ᠵᠢᠭᠰᠠᠭᠠᠭᠳᠠᠵᠤ᠂ ᠳᠡᠭᠡᠷ᠎ᠡ ᠨᠢᠭᠡ ᠵᠢᠯ ᠤᠨ ᠬᠢ ᠠᠴᠠ ᠪᠠᠨ 7 ᠨᠡᠷᠡᠰ ᠳᠡᠭᠡᠭᠰᠢᠯᠡᠵᠦ᠂ 6 ᠵᠢᠯ ᠳᠠᠷᠠᠭᠠᠯᠠᠨ ᠲᠡᠷᠢᠭᠦᠨ ᠤ ᠬᠢ ᠲᠡᠮᠡᠴᠡᠨ ᠤᠷᠤᠭᠰᠢ | ᠳᠠᠪᠰᠢᠬᠤ ᠶᠢ ᠪᠡᠶᠡᠯᠡᠭᠦᠯᠪᠡ︔ ᠬᠥᠬᠡᠬᠤᠲᠠ ᠶᠢᠨ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ 108 ᠳ᠋ᠤᠭᠠᠷ ᠨᠡᠷᠡᠰ ᠲᠤ ᠵᠢᠭᠰᠠᠭᠠᠭᠳᠠᠵᠤ᠂ | ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ 123 ᠳ᠋ᠤᠭᠠᠷ ᠨᠡᠷᠡᠰ ᠲᠤ ᠵᠢᠭᠰᠠᠭᠠᠭᠳᠠᠪᠠ᠃ 2023 ᠣᠨ ᠳᠤ ᠬᠥᠬᠡᠬᠤᠲᠠ ᠪᠤᠭᠤᠲᠤ ᠣᠷᠳᠣᠰ | ᠭᠤᠷᠪᠠᠨ ᠭᠠᠵᠠᠷ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠪᠠᠷ ᠪᠠᠯᠠ ᠣᠷᠣᠭᠤᠯᠤᠯᠲᠠ ᠶᠢᠨ ᠡᠷᠴᠢᠮ ᠢᠶᠠᠨ ᠤᠷᠢᠳ ᠡᠮᠦᠨ᠎ᠡ | ᠭᠠᠷᠤᠭ᠎ᠠ ᠥᠬᠡᠶ ᠨᠡᠮᠡᠭᠳᠡᠭᠦᠯᠵᠦ᠂ ᠰᠤᠳᠤᠯᠭᠠᠨ ᠤ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠮᠦᠩᠭᠦ 33.4 ᠳ᠋ᠦᠩᠰᠢᠭᠤᠷ ᠲᠥᠭᠦᠷᠢᠭ ᠲᠤ | ᠬᠦᠷᠴᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠡᠷᠬᠡ | ᠰᠡᠳᠦᠪ ᠤᠨ ᠰᠢᠪᠲᠤᠯᠤᠯᠲᠠ︾ ᠶᠢᠨ ᠳᠡᠮᠵᠢᠯᠭᠡ ᠶᠢᠨ ᠲᠥᠷᠥᠯ ᠵᠦᠢᠯ ᠢ ᠬᠦᠷᠲᠡᠭᠰᠡᠨ ᠲᠤᠭ᠎ᠠ ᠨᠢ 180 ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠲᠠᠰ | ᠵᠢᠴᠢ ᠲᠡᠭᠦᠨ ᠠᠴᠠ ᠳᠡᠭᠡᠭᠰᠢᠬᠢ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠡᠯ᠎ᠡ | ᠲᠥᠷᠥᠯ ᠤᠨ ᠰᠢᠨ᠎ᠡ ᠶᠢ ᠡᠭᠦᠳᠬᠦ ᠲᠠᠪᠴᠠᠩ 259 ᠡᠷᠦᠬᠡ ᠪᠤᠢ᠃ 2023 ᠣᠨ ᠤ ᠰᠡᠭᠦᠯᠴᠢ ᠪᠣᠯᠲᠠᠯ᠎ᠠ᠂ ᠭᠤᠷᠪᠠᠨ ᠭᠠᠵᠠᠷ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠤᠳ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠤᠳ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠳ ᠨᠢ ᠲᠣᠰ ᠲᠣᠰ ᠪᠥᠬᠦ ᠣᠷᠣᠨ ᠤ 1/6᠂ 1/2᠂ 1/3᠂ 1/3 ᠶᠢ | ᠡᠵᠡᠯᠡᠪᠡ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |