ᠨᠢᠭᠡ ᠳᠤ᠂ ᠲᠥᠷᠥᠯ ᠵᠦᠢᠯ ᠢ ᠤᠬᠠᠭᠠᠯᠠᠨ ᠲᠥᠯᠥᠪᠯᠡᠬᠦ ︽ᠠᠰᠢᠭᠲᠠᠢ ᠰᠢᠲᠠᠷ᠎ᠠ︾ ᠶᠢ ᠰᠠᠶᠢᠲᠤᠷ ᠲᠠᠯᠪᠢᠵᠤ᠂ ᠵᠢᠯ ᠤᠨ ᠳᠣᠲᠣᠷ᠎ᠠ ᠥᠪᠡᠷᠲᠡᠭᠡᠨ ᠵᠠᠰᠠᠬᠤ | ᠣᠷᠣᠨ ᠤ ᠲᠠᠰ ᠤᠨ ᠴᠢᠬᠤᠯᠠ ᠶᠡᠭᠡ 193 ᠲᠥᠷᠥᠯ ᠵᠦᠢᠯ ᠢ ᠬᠡᠷᠡᠭᠵᠢᠭᠦᠯᠵᠦ᠂ 468 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | 10% ᠪᠠᠷ ᠨᠡᠮᠡᠭᠳᠡᠭᠦᠯᠦᠨ᠎ᠡ︔ ᠣᠷᠣᠭᠤᠯᠤᠨ ᠠᠪᠴᠢᠷᠠᠵᠤ ᠪᠡᠯᠡᠨ ᠪᠣᠯᠭᠠᠬᠤ ᠪᠠᠯᠠ ᠮᠥᠩᠭᠦ 370 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠶᠢ ᠦᠨᠡᠨ | ᠬᠦ ᠪᠠᠲᠤᠯᠠᠵᠤ᠂ 10% ᠠᠴᠠ ᠳᠡᠭᠡᠭᠰᠢ ᠨᠡᠮᠡᠭᠳᠡᠭᠦᠯᠦᠨ᠎ᠡ᠃ ᠬᠤᠶᠠᠷ ᠲᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠲᠠᠶᠢᠯᠬᠤ ︽ᠬᠠᠮ ᠠᠷᠭ᠎ᠠ | ᠪᠣᠳᠣᠯᠭ᠎ᠠ︾ ᠶᠢ ᠰᠠᠶᠢᠲᠤᠷ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠵᠠᠬᠢᠶᠠᠯᠠᠭ᠎ᠠ ᠪᠠ ᠵᠠᠬ᠎ᠠ ᠳᠡᠯᠭᠡᠭᠦᠷ ᠡᠷᠢᠯᠬᠢᠯᠡᠵᠦ᠂ ᠪᠡᠯᠡ | ᠲᠣᠬᠢᠷᠠᠭᠤᠯᠭ᠎ᠠ᠂ ᠭᠠᠵᠠᠷ ᠰᠢᠷᠣᠢ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ | ︽ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠰᠢᠯᠭᠠᠯᠲᠠ ᠶᠢᠨ ᠬᠠᠭᠤᠳᠠᠰᠤ︾ ᠶᠢ ᠰᠠᠶᠢᠲᠤᠷ ᠬᠠᠷᠢᠭᠤᠯᠵᠤ᠂ ᠵᠢᠯ ᠤᠨ ᠳᠣᠲᠣᠷ᠎ᠠ ᠬᠤᠲᠠ ᠪᠠᠯᠭᠠᠰᠤᠨ ᠤ | 7800 ᠢᠯᠡᠭᠦᠦ ᠬᠥᠮᠦᠨ ᠳᠤ ᠰᠢᠨ᠎ᠡ ᠪᠠᠷ ᠠᠵᠢᠯ ᠣᠯᠭᠤᠬᠤ᠂ ᠨᠡᠶᠢᠲᠡ 7.15 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ᠂ ᠠᠵᠢᠯ | ᠠᠯᠳᠠᠭᠰᠠᠳ ᠲᠤ ᠳᠠᠬᠢᠨ ᠠᠵᠢᠯ ᠣᠯᠭᠤᠬᠤ ᠪᠠᠷ 3500 ᠬᠥᠮᠥᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠲᠦᠷᠪᠡ ᠳᠤ᠂ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ ᠪᠠᠷ ︽ᠨᠠᠷᠢᠯᠢᠭᠵᠢᠭᠤᠯᠤᠭᠰᠠᠨ ᠲᠠᠩᠰᠠ︾ ᠶᠢ ᠰᠠᠶᠢᠲᠤᠷ ᠪᠤᠳᠤᠵᠤ᠂ ᠵᠢᠯ ᠤᠨ ᠳᠣᠲᠣᠷ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠨᠳᠥᠷ | ᠪᠦᠲᠦᠮᠵᠢᠲᠡᠢ ᠪᠠᠷ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 60 ᠲᠦᠮᠡᠨ ᠮᠦ ᠠᠴᠠ ᠳᠡᠭᠡᠭᠰᠢ᠂ ᠲᠠᠷᠢᠶᠠᠯᠠᠩ ᠳᠤ ᠬᠡᠷᠡᠭᠯᠡᠬᠦ ᠤᠰᠤ ᠠᠷᠪᠢᠯᠠᠯᠲᠠ ᠶᠢ | 1300 ᠲᠦᠮᠡᠨ ᠺᠦᠪ ᠮᠧᠳ᠋ᠷ ᠠᠴᠠ ᠳᠡᠭᠡᠭᠰᠢ ᠪᠠᠶᠢᠯᠭᠠᠨ᠎ᠠ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭᠠᠨ ᠤ ︽ᠰᠢᠨ᠎ᠡ ᠠᠷᠭ᠎ᠠ ᠵᠠᠮ︾ ᠢᠶᠠᠷ ᠵᠠᠮᠨᠠᠵᠤ᠂ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠲᠦᠯᠬᠢᠨ ᠠᠬᠢᠭᠤᠯᠵᠤ᠂ 1.6 ᠳ᠋ᠦᠩᠰᠢᠭᠤᠷ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢ ᠴᠢᠷᠮᠠᠶᠢᠨ | ᠣᠯᠵᠤ᠂ 35 ᠳ᠋ᠦᠩᠰᠢᠭᠤᠷ ᠲᠥᠭᠦᠷᠢᠭ ᠤᠨ ᠬᠡᠷᠡᠭᠯᠡᠭᠡ ᠪᠠᠷ ᠬᠠᠪᠰᠤᠷᠤᠨ ᠲᠡᠳᠬᠦᠨ᠎ᠡ︔ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠠᠶᠢᠮᠠᠭ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ ᠲᠤᠰ ᠲᠤᠰ 6% ᠪᠠ 10% ᠪᠠᠷ ᠨᠡᠮᠡᠭᠳᠡᠭᠦᠯᠬᠦ ᠪᠠᠷ ᠬᠦᠴᠦᠯᠡᠨ | ᠴᠢᠷᠮᠠᠶᠢᠨ᠎ᠠ᠃ ᠵᠢᠷᠭᠤᠭ᠎ᠠ ᠳᠤ᠂ ᠤᠮᠠᠷᠠᠲᠤ ᠬᠢᠯᠢ ᠶᠢᠨ ᠰᠣᠶᠣᠯ ᠤᠨ ︽ᠬᠠᠮᠤᠭ ᠤᠨ ᠬᠦᠴᠦᠷᠬᠡᠭ ᠳᠠᠭᠤᠨ︾ ᠢ ᠬᠠᠩᠭᠢᠨᠠᠭᠤᠯᠵᠤ᠂ ᠵᠢᠯ ᠤᠨ ᠳᠣᠲᠣᠷ᠎ᠠ | ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠤᠷᠠᠯᠢᠭ ᠤᠨ ᠪᠦᠲᠦᠭᠡᠯ ᠢ 150 ᠠᠴᠠ ᠳᠡᠭᠡᠭᠰᠢ ᠪᠠᠶᠢᠯᠭᠠᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ | 1000 ᠲᠠᠯᠠᠪᠤᠷ ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶ |