ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ︾ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/2/14
    ᠨᠢᠭᠡ ᠳᠤ᠂ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠶᠢ ᠴᠢᠩᠭᠠᠳᠬᠠᠵᠤ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠪᠠᠴᠢᠮ ᠪᠠᠶᠢᠳᠠᠯ ᠢ ᠠᠷᠭᠠᠴᠠᠭᠠᠬᠤ 230 ᠠᠪᠤᠷᠠᠨ ᠲᠤᠰᠠᠯᠠᠬᠤ ᠴᠡᠭ᠂ ᠪᠠᠴᠢᠮ ᠪᠠᠶᠢᠳᠠᠯ ᠢ ᠠᠷᠭᠠᠴᠠᠭᠠᠬᠤ 490 ᠣᠷᠣ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠮ ᠡᠮᠨᠡᠯᠭᠡ ᠶᠢᠨ ᠬᠠᠶᠢᠷᠴᠠᠭ ᠪᠠ ᠢᠳᠡᠭᠡᠨ ᠡᠳ᠋ ᠪᠣᠳᠠᠰ ᠢ ᠤᠷᠢᠳᠴᠢᠯᠠᠨ ᠨᠦᠬᠡᠴᠡᠯᠡᠨ᠎ᠡ᠃ ᠬᠤᠶᠠᠷ ᠲᠤ᠂ ᠠᠪᠤᠷᠠᠨ ᠲᠤᠰᠠᠯᠠᠬᠤ ᠦᠢᠯᠡᠴᠢᠯᠡᠭᠡ ᠶᠢ ᠴᠢᠩᠭᠠᠳᠬᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠣᠶ ᠪᠥᠬᠦᠶ ᠲᠣᠰᠣ ᠳᠤᠲᠠᠭᠳᠠᠬᠤ᠂ ᠰᠠᠭᠠᠳ ᠭᠠᠷᠤᠭᠰᠠᠨ ᠲᠡᠷᠭᠡ ᠬᠥᠰᠬᠡ ᠶᠢ ᠴᠠᠭ ᠲᠤᠬᠠᠶ ᠳᠤ ᠨᠢ ᠠᠪᠤᠷᠠᠨ ᠲᠤᠰᠠᠯᠠᠬᠤ ᠶᠢᠨ ᠬᠠᠮᠲᠤ ᠸᠢᠴᠠᠲ ᠤᠨ ᠤᠯᠠᠨ ᠨᠡᠶᠢᠲᠡ ᠶᠢᠨ ᠲᠠᠪᠴᠠᠩ ᠵᠡᠷᠭᠡ ᠪᠠᠷ ᠳᠠᠮᠵᠢᠭᠤᠯᠤᠨ ᠠᠪᠤᠷᠠᠨ ᠲᠤᠰᠠᠯᠠᠬᠤ ᠤᠲᠠᠰᠤ ᠶᠢ ᠨᠡᠶᠢᠲᠡᠯᠡᠨ᠎ᠡ᠃ ᠭᠤᠷᠪᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠮᠥᠴᠢᠷ ᠲᠠᠢ ᠵᠣᠬᠢᠴᠠᠭᠤᠯᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ 3 ᠰᠢᠯᠵᠢᠮᠡᠯ ᠬᠡᠯᠪᠡᠷᠢ ᠶᠢᠨ ᠲᠣᠰᠣ ᠨᠡᠮᠡᠬᠦ ᠲᠡᠷᠭᠡ ᠨᠡᠮᠡᠨ ᠲᠣᠬᠢᠷᠠᠭᠤᠯᠵᠤ᠂ ᠶᠡᠭᠡ ᠤᠷᠤᠰᠬᠠᠯ ᠤᠨ ᠦᠢᠯᠡᠴᠢᠯᠡᠭᠡᠨ ᠤ ᠲᠣᠭᠤᠷᠢᠭ ᠲᠤ 120 ᠬᠡᠲᠦ ᠲᠦᠷᠭᠡᠨ ᠴᠡᠨᠡᠭᠯᠡᠬᠦ ᠫᠤᠤ᠂ 6 ᠲᠦᠷ ᠴᠠᠭ ᠤᠨ ᠴᠠᠬᠢᠯᠭᠠᠨ ᠴᠡᠨᠡᠭᠯᠡᠬᠦ ᠲᠡᠷᠭᠡ ᠨᠡᠮᠡᠵᠦ᠂ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠨ᠎ᠠ᠃ ᠳᠥᠷᠪᠡ ᠳᠤ᠂ ᠪᠥᠬᠦ ᠣᠷᠣᠨ ᠤ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠠᠪᠤᠷᠠᠨ ᠲᠤᠰᠠᠯᠠᠬᠤ᠂ ᠲᠣᠰᠣ ᠨᠡᠮᠡᠬᠦ᠂ ᠴᠠᠬᠢᠯᠭᠠᠨ ᠴᠡᠨᠡᠭᠯᠡᠬᠦ᠂ ᠬᠠᠯᠠᠭᠤᠨ ᠤᠰᠤᠨ ᠤ ᠪᠠᠲᠤᠯᠠᠭ᠎ᠠ ᠶᠢᠨ ᠪᠠᠶᠢᠳᠠᠯ ᠢ ᠲᠤᠬᠠᠢ ᠶᠢᠨ ᠴᠠᠭ ᠲᠤ ᠨᠢ ᠲᠣᠬᠢᠷᠠᠭᠤᠯᠵᠤ᠂ ᠲᠡᠷᠭᠡᠨ ᠤ ᠤᠷᠤᠰᠬᠠᠯ ᠢ ᠦᠨᠳᠦᠰᠦᠯᠡᠨ ᠠᠵᠢᠯᠲᠠᠨ ᠪᠠ ᠡᠬᠢ ᠪᠠᠶᠠᠯᠢᠭ ᠢ ᠬᠥᠳᠡᠯᠦᠩᠭᠦᠶ ᠪᠠᠷ ᠳᠣᠭᠢᠷᠠᠭᠤᠯᠵᠤ᠂ ᠶᠠᠪᠤᠵᠤ ᠰᠠᠭᠤᠬᠤ ᠣᠯᠠᠨ ᠲᠦᠮᠡᠨ ᠳᠤ ᠳᠥᠭᠦᠮ ᠳᠥᠲᠡ ᠴᠠᠭᠠᠨ ᠰᠠᠷ᠎ᠠ ᠶᠢᠨ ᠵᠥᠭᠡᠭᠡᠪᠦᠷᠢ ᠶᠢᠨ ᠦᠢᠯᠡᠴᠢᠯᠡᠭᠡ ᠬᠠᠩᠭᠠᠨ᠎ᠠ᠃ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ