ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠪᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠥᠷᠭᠡᠳᠭᠡᠵᠦ ᠪᠣᠢ
ᠨᠡᠶᠢᠲᠡᠯᠡᠭᠰᠡᠨ ᠴᠠᠭ᠄
2025/2/14
     ᠨᠢᠭᠡ ᠳᠤ᠂ ᠳᠠᠷᠤᠭᠠᠰᠤ ᠶᠢ ᠬᠥᠩᠭᠡᠷᠡᠭᠦᠯᠵᠦ ᠪᠣᠢ᠃ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠪᠠ᠂ 2024 ᠣᠨ ᠳᠤ ᠨᠡᠶᠢᠲᠡ 13.7 ᠲᠦᠮᠡᠨ ᠬᠥᠮᠦᠨ ᠬᠡᠷᠡᠭᠯᠡᠬᠦ ᠨᠢᠭᠡᠴᠢ ᠳᠤ ᠰᠦᠢᠳᠬᠡᠯ ᠲᠤᠰᠢᠶᠠᠬᠤ ᠳᠠᠷᠤᠭᠠᠰᠤ ᠶᠢ ᠨᠢ 37.76 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 1.72 ᠳ᠋ᠦᠩᠰᠢᠭᠤᠷ ᠲᠥᠭᠦᠷᠢᠭ ᠨᠡᠮᠡᠭᠳᠡᠪᠡ᠃ ᠬᠤᠶᠠᠷ ᠲᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠪᠣᠢ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠭᠦᠢᠴᠡᠳ ᠲᠤᠭ᠎ᠠ ᠪᠠᠷ 12 ᠰᠠᠷ᠎ᠠ ᠠᠴᠠ ᠢᠯᠡᠭᠦᠦ ᠲᠤᠰᠢᠶᠠᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠴᠢᠭᠯᠡᠭᠦᠯᠦᠨ᠂ ︽ᠭᠤᠶᠤᠴᠢᠯᠠᠬᠤ ᠦᠭᠡᠢ ᠪᠠᠷ ᠳᠠᠷᠦ᠋ᠢᠬᠠᠨ ᠬᠦᠷᠲᠡᠬᠦ︾ ᠪᠠ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ᠣᠯᠭᠤᠭᠰᠠᠨ ᠤ ᠬᠠᠮᠲᠤ ᠠᠵᠤ ᠠᠬᠤᠶᠢᠯᠠᠯ ᠤᠨ ᠡᠭᠡᠭᠦᠯᠦᠨ ᠪᠤᠴᠠᠭᠠᠭᠰᠠᠨ ᠪᠠᠯᠠ ᠮᠥᠩᠭᠦ ᠶᠢ ᠨᠢ ᠭᠦᠢᠴᠡᠳ ᠪᠥᠭᠡᠳ ᠰᠠᠶᠢᠲᠤᠷ ᠬᠡᠷᠡᠭᠯᠡᠬᠦ ᠶᠢ ᠮᠥᠷᠳᠡᠨ ᠵᠢᠯᠣᠭᠤᠳᠤᠪᠠ᠃ 2024 ᠣᠨ ᠳᠤ ᠪᠥᠬᠦ ᠣᠷᠣᠨ ᠳᠤ ᠨᠡᠶᠢᠲᠡ 4.78 ᠲᠦᠮᠡᠨ ᠡᠷᠦᠬᠡ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ 6.99 ᠳ᠋ᠦᠩᠰᠢᠭᠤᠷ ᠲᠥᠭᠦᠷᠢᠭ ᠲᠠᠷᠬᠠᠭᠠᠪᠠ᠃ ᠭᠤᠷᠪᠠ ᠳᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠪᠣᠢ᠃ ᠤᠷ᠎ᠠ ᠴᠢᠳᠠᠪᠤᠷᠢ ᠳᠡᠭᠡᠭᠰᠢᠯᠡᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠳᠠᠭᠠᠳᠬᠠᠯ ᠳᠤ ᠣᠷᠣᠯᠴᠠᠬᠤ ᠵᠢᠯ ᠤᠨ ᠬᠢᠵᠠᠭᠠᠷ ᠢ ᠠᠭᠤᠵᠢᠭᠤ ᠲᠠᠯᠪᠢᠵᠤ᠂ ᠨᠥᠬᠦᠴᠡᠯ ᠳᠤ ᠨᠡᠶᠢᠴᠡᠬᠦ ᠬᠥᠮᠦᠰ ᠲᠤ ᠤᠷ᠎ᠠ ᠴᠢᠳᠠᠪᠤᠷᠢ ᠳᠡᠭᠡᠭᠰᠢᠯᠡᠭᠦᠯᠬᠦ ᠨᠥᠬᠦᠪᠥᠷᠢ ᠶᠢ ᠣᠯᠭᠤᠪᠠ᠃ 2024 ᠣᠨ ᠳᠤ ᠤᠷ᠎ᠠ ᠴᠢᠳᠠᠪᠤᠷᠢ ᠳᠡᠭᠡᠭᠰᠢᠯᠡᠭᠦᠯᠬᠦ ᠨᠥᠬᠦᠪᠥᠷᠢ ᠶᠢ ᠨᠡᠶᠢᠲᠡ 1.2 ᠳ᠋ᠦᠩᠰᠢᠭᠤᠷ ᠲᠥᠭᠦᠷᠢᠭ ᠲᠠᠷᠬᠠᠭᠠᠵᠤ᠂ 7.51 ᠲᠦᠮᠡᠨ ᠬᠥᠮᠦᠨ ᠤᠳᠠᠭ᠎ᠠ ᠳᠤ ᠬᠤᠯᠪᠣᠭᠳᠠᠪᠠ᠃ ᠳᠥᠷᠪᠡ ᠳᠤ᠂ ᠠᠵᠢᠯ ᠤᠨ ᠪᠠᠶᠢᠷᠢ ᠶᠢ ᠥᠷᠭᠡᠳᠭᠡᠵᠦ ᠪᠣᠢ᠃ ᠨᠢᠭᠡ ᠯᠡ ᠤᠳᠠᠭᠠᠨ ᠤ ᠴᠢᠨᠠᠷᠲᠠᠢ ᠠᠵᠢᠯ ᠣᠯᠭᠤᠬᠤ ᠨᠥᠬᠦᠪᠥᠷᠢ ᠪᠠ ᠨᠢᠭᠡ ᠯᠡ ᠤᠳᠠᠭᠠᠨ ᠤ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠡᠶᠢᠯᠡᠭᠦᠯᠦᠨ ᠬᠡᠷᠡᠭᠵᠢᠭᠦᠯᠵᠦ᠂ 2024 ᠣᠨ ᠳᠤ ᠨᠡᠶᠢᠲᠡ 2627 ᠠᠵᠤ ᠠᠬᠤᠶᠢᠯᠠᠯ ᠳᠤ ᠨᠢᠭᠡ ᠯᠡ ᠤᠳᠠᠭᠠᠨ ᠤ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢ 1907.4 ᠲᠦᠮᠡᠨ ᠲᠥᠭᠦᠷᠢᠭ ᠲᠠᠷᠬᠠᠭᠠᠵᠤ᠂ ᠠᠵᠤ ᠠᠬᠤᠶᠢᠯᠠᠯ ᠤᠨ 1.27 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯ ᠠᠯᠳᠠᠭᠰᠠᠳ ᠲᠤ ᠠᠵᠢᠯ ᠣᠯᠭᠤᠬᠤ ᠳᠤ ᠨᠢ ᠳᠡᠮᠵᠢᠪᠡ᠃ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ