ᠪᠤᠭᠤᠲᠤ ᠬᠤᠲᠠ ᠲᠠᠷᠢᠶᠠᠯᠠᠩ ᠤᠨ ᠳᠠᠭᠠᠳᠬᠠᠯ ᠤᠨ ᠡᠳ᠋ ᠤᠨ ᠵᠠᠰᠠᠭ ᠤᠨ ︽ᠵᠢᠵᠢᠭ ᠪᠠᠯᠠ ᠮᠥᠩᠭᠦ︾ ᠶᠢ ᠴᠠᠭ ᠲᠤᠬᠠᠶ ᠳᠤ ᠨᠢ ᠰᠠᠯᠭᠠᠨ ᠥᠭᠴᠦ ᠲᠠᠷᠢᠶᠠᠴᠢᠳ ᠮᠠᠯᠴᠢᠳ ᠢ ᠬᠠᠷᠠᠭᠠᠯᠵᠠᠬᠤ ︽ᠶᠡᠭᠡ ᠪᠠᠲᠤᠯᠠᠭ᠎ᠠ︾ ᠶᠢ ᠪᠠᠲᠤᠳᠬᠠᠪᠠ
ᠨᠡᠶᠢᠲᠡᠯᠡᠭᠰᠡᠨ ᠴᠠᠭ᠄
2025/2/14
     ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠢᠶᠠᠷ ᠠᠷᠠᠳ ᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠬᠦᠯᠡᠮᠵᠢ ᠶᠢᠨ ᠲᠣᠮᠣ ᠰᠠᠷᠠᠪᠴᠢ ᠶᠢᠨ ᠣᠷᠣᠨ ᠨᠤᠲᠤᠭ ᠤᠨ ᠣᠨᠴᠠᠯᠢᠭᠲᠤ ᠳᠠᠭᠠᠳᠬᠠᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠳᠠᠭᠠᠳᠬᠠᠯ ᠳᠤ ᠣᠷᠣᠭᠤᠯᠤᠨ ᠳᠡᠮᠵᠢᠯᠭᠡ ᠦᠵᠡᠭᠦᠯᠪᠡ︔ ᠠᠵᠤ ᠠᠬᠤᠶᠢᠯᠠᠯ ᠢ ᠬᠠᠷᠠᠭᠠᠯᠵᠠᠵᠤ ᠠᠷᠠᠳ ᠲᠤ ᠠᠰᠢᠭ ᠬᠦᠷᠲᠡᠭᠡᠬᠦ ᠲᠠᠪᠴᠠᠩ ᠢ ᠠᠰᠢᠭᠯᠠᠨ 1.3 ᠳ᠋ᠦᠩᠰᠢᠭᠤᠷ ᠲᠥᠭᠦᠷᠢᠭ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠡᠮᠡᠭᠦᠷᠢ ᠪᠡᠯᠡ ᠮᠥᠩᠭᠦ ᠶᠢ ᠴᠠᠭ ᠲᠤᠬᠠᠶ ᠳᠤ ᠨᠢ ᠰᠠᠯᠭᠠᠨ ᠥᠭᠴᠦ᠂ 5.85 ᠲᠦᠮᠡᠨ ᠡᠷᠦᠬᠡ ᠤᠳᠠᠭ᠎ᠠ ᠶᠢᠨ ᠲᠠᠷᠢᠶᠠᠴᠢᠨ ᠡᠷᠦᠬᠡ ᠳᠤ 32.35 ᠳ᠋ᠦᠩᠰᠢᠭᠤᠷ ᠲᠥᠭᠦᠷᠢᠭ ᠤᠨ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠵᠤ᠂ ᠳᠠᠭᠠᠳᠬᠠᠯ ᠬᠦᠯᠢᠶᠡᠭᠰᠡᠨ ᠲᠠᠷᠢᠮᠠᠯ ᠤᠨ ᠦᠢᠯᠡᠰ 332.62 ᠲᠦᠮᠡᠨ ᠮᠥ ᠳᠤ ᠬᠦᠷᠴᠦ᠂ ᠬᠦᠯᠡᠮᠵᠢ ᠶᠢᠨ ᠲᠣᠮᠣ ᠰᠠᠷᠠᠪᠴᠢ 0.89 ᠲᠦᠮᠡᠨ ᠮᠥ ᠳᠤ ᠬᠦᠷᠴᠦ᠂ ᠳᠠᠭᠠᠳᠬᠠᠯ ᠬᠦᠯᠢᠶᠡᠭᠰᠡᠨ ᠲᠡᠵᠢᠭᠡᠨ ᠦᠷᠡᠵᠢᠭᠦᠯᠬᠦ ᠦᠢᠯᠡᠰ 14.13 ᠲᠦᠮᠡᠨ ᠪᠣᠷᠳᠣᠭᠠᠨ ᠭᠠᠭ᠋ᠠᠶ᠂ 5.29 ᠲᠦᠮᠡᠨ ᠰᠠᠭᠠᠯᠢ ᠶᠢᠨ ᠦᠨᠢᠶ᠎ᠡ᠂ 0.49 ᠲᠦᠮᠡᠨ ᠦᠷᠡᠵᠢᠬᠦ ᠴᠢᠳᠠᠪᠤᠷᠢ ᠲᠠᠢ ᠮᠡᠭᠡᠵᠢ ᠪᠤᠶᠢᠵᠢᠭᠤᠯᠵᠤ᠂ ᠵᠠᠰᠠᠭ ᠤᠨ ᠣᠷᠳᠣᠨ᠂ ᠳᠠᠭᠠᠳᠬᠠᠯ ᠬᠦᠯᠢᠶᠡᠭᠰᠡᠨ ᠠᠵᠤ ᠠᠬᠤᠶᠢᠯᠠᠯ᠂ ᠲᠠᠷᠢᠶᠠᠴᠢᠨ ᠡᠷᠦᠬᠡ ᠶᠢᠨ ᠲᠥᠷᠥ ᠶᠢᠨ ᠪᠣᠳᠣᠯᠭ᠎ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠠᠵᠢᠯ ᠤᠨ ᠲᠥᠯᠥᠪ ᠪᠠᠶᠢᠳᠠᠯ ᠢ ᠪᠦᠷᠢᠯᠳᠦᠭᠦᠯᠪᠡ᠃ ︵ᠪᠤᠭᠤᠲᠤ ᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ