ᠵᠢᠢ ᠶᠦᠩ ᠴᠢᠶᠠᠨ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/17
       2 ᠰᠠᠷ᠎ᠠ ᠶᠢᠨ 12᠎ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠠᠶᠢᠯᠠᠷ ᠲᠠᠬᠢ  ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ  ᠤᠳᠤᠷᠢᠳᠤᠯᠭ᠎ᠠ ᠰᠦᠨ ᠸᠧᠢ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃         ᠰᠤᠷᠭᠠᠭᠤᠯᠢ ᠶᠢᠨ ᠲᠡᠦᠬᠡ ᠶᠢᠨ ᠣᠷᠳᠣᠨ ᠳᠤ᠂ ᠵᠢᠢ ᠶᠦᠩ ᠴᠢᠶᠠᠨ ᠰᠤᠷᠭᠠᠭᠤᠯᠢ ᠶᠢᠨ ᠲᠡᠦᠬᠡ ᠶᠢᠨ ᠤᠯᠠᠷᠢᠯ ᠬᠤᠪᠢᠰᠤᠯ ᠪᠣᠯᠣᠨ ᠣᠶᠢᠷ᠎ᠠ ᠶᠢᠨ ᠵᠢᠯ ᠤᠨ  ᠣᠯᠣᠭᠰᠠᠨ ᠠᠮᠵᠢᠯᠲᠠ ᠪᠦᠲᠦᠮᠵᠢ ᠶᠢ ᠨᠠᠷᠢᠨ ᠣᠶᠢᠯᠠᠭᠠᠵᠤ᠂ ᠳᠠᠷᠠᠭ᠎ᠠ ᠨᠢ ᠵᠢᠭᠠᠨ ᠰᠤᠷᠭᠠᠯᠲᠠ ᠶᠢᠨ ᠠᠰᠠᠷ᠂ ᠪᠡᠶ᠎ᠡ ᠶᠢᠨ ᠲᠠᠮᠢᠷ ᠤᠨ ᠣᠷᠳᠣᠨ᠂ ᠨᠣᠮ ᠪᠢᠴᠢᠭ ᠤᠨ  ᠤᠩᠰᠢᠯᠭ᠎ᠠ ᠶᠢᠨ ᠲᠠᠰᠤᠭ ᠵᠡᠷᠭᠡ ᠭᠠᠵᠠᠷ ᠢᠶᠠᠷ ᠬᠦᠷᠴᠦ᠂ ᠰᠤᠷᠭᠠᠭᠤᠯᠢ ᠶᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ᠂ ᠰᠠᠭᠤᠷᠢ  ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠪᠠᠶᠢᠳᠠᠯ ᠢ ᠯᠠᠪᠯᠠᠨ ᠠᠰᠠᠭᠤᠭᠰᠠᠨ ᠪᠥᠭᠡᠳ  ᠰᠤᠷᠭᠠᠭᠤᠯᠢ ᠶᠢᠨ ᠬᠠᠷᠢᠭᠤᠴᠠᠯᠭᠠᠲᠠᠨ᠂ ᠪᠠᠭᠰᠢ ᠶᠢᠨ ᠲᠥᠯᠥᠭᠡᠯᠡᠭᠴᠢᠳ ᠲᠠᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠪᠠᠭᠰᠢ ᠶᠢᠨ  ᠡᠩᠨᠡᠭᠡᠨ ᠤ ᠪᠠᠶᠢᠭᠤᠯᠤᠯᠲᠠ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠬᠥᠮᠦᠵᠢᠯ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃         ᠵᠢᠢ ᠶᠦᠩ ᠴᠢᠶᠠᠨ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠠᠷᠠᠳ ᠣᠯᠠᠨ ᠤ ᠰᠢᠯᠢᠳᠡᠭ  ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ ᠨᠠᠩ ᠲᠤᠯᠭᠠᠮ᠎ᠠ ᠪᠣᠯᠪᠠ᠂ ᠰᠤᠷᠭᠠᠭᠤᠯᠢ ᠨᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ  ᠦᠨᠳᠦᠰᠦᠨ ᠡᠭᠦᠷᠭᠡ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠳᠤ ᠢᠳᠡᠪᠬᠢᠲᠡᠢ ᠵᠣᠬᠢᠴᠠᠵᠤ᠂  ᠰᠢᠨ᠎ᠡ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠬᠠᠨᠳᠤᠰᠢ ᠳᠤ ᠵᠣᠬᠢᠴᠠᠵᠤ᠂  ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠪᠠᠭᠰᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ  ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ  ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ  ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ  ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ  ᠶᠠᠰᠤ ᠴᠢᠨᠠᠷ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠰᠤᠷᠭᠠᠨ ᠬᠥᠮᠦᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ  ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠤᠷᠭᠠᠭᠤᠯᠢ ᠶᠢ ᠬᠠᠮᠠᠭᠠᠯᠠᠵᠤ᠂ ᠠᠷᠠᠳ  ᠣᠯᠠᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠪᠦᠬᠦ ᠬᠤᠲᠠ ᠶᠢᠨ ᠰᠤᠷᠭᠠᠨ  ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ