2 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠠᠴᠠ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ | ᠪᠣᠯᠣᠨ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠣᠷᠴᠣᠨ ᠤ ᠥᠪᠡᠷᠲᠡᠭᠡᠨ | ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠬᠤ ᠶᠢᠨ ᠬᠠᠮᠲᠤ ᠥᠪᠡᠷ ᠢ ᠪᠠᠨ ᠵᠠᠳᠠᠯᠤᠨ ᠰᠢᠨᠵᠢᠯᠡᠵᠦ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠲᠠᠰ ᠳᠠᠷᠠᠭᠠᠯᠠᠨ | ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃ ᠮᠠᠨ ᠤ ᠬᠤᠲᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ | ᠨᠥᠬᠦᠳ ᠦᠨᠡᠯᠡᠯᠲᠡ ᠬᠢᠪᠡ᠃ | ᠸᠠᠩ ᠸᠠᠩ ᠱᠧᠩ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢ | ᠪᠠᠶᠢᠴᠠᠭᠠᠨ ᠳᠡᠯᠭᠡᠵᠦ ᠲᠥᠪ ᠴᠢᠩᠭ᠎ᠠ ᠨᠠᠷᠢᠨ ᠬᠢᠨᠠᠮᠠᠭᠠᠢ᠂ ᠬᠠᠷᠢᠯᠴᠠᠨ ᠰᠢᠭᠦᠮᠵᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠪᠣᠳᠠᠲᠠᠢ ᠪᠥᠭᠡᠳ | ᠪᠣᠳᠠᠲᠠᠢ ᠶᠢ ᠡᠷᠬᠢᠮᠯᠡᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠰᠤᠷᠲᠠᠯ ᠢᠶᠠᠨ ᠰᠠᠶᠢᠵᠢᠷᠠᠭᠤᠯᠬᠤ᠂ ᠪᠦᠯᠬᠦᠮᠳᠡᠯ ᠢ ᠴᠢᠩᠭᠠᠳᠬᠠᠬᠤ ᠰᠠᠶᠢᠨ ᠰᠠᠶᠢᠬᠠᠨ ᠦᠷ᠎ᠡ ᠪᠦᠲᠦᠮᠵᠢ | ᠣᠯᠵᠠᠢ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠡᠨᠡ ᠬᠦ ︽ᠰᠡᠭᠦᠯᠴᠢ ᠶᠢᠨ ᠬᠠᠭᠠᠰ ᠠᠵᠢᠯ︾ ᠨᠢ ᠪᠣᠳᠠᠲᠠᠢ | ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠳᠦᠷᠢᠮ ᠲᠣᠭᠲᠠᠴᠠ ᠶᠢᠨ ᠲᠠᠯ᠎ᠠ ᠠᠴᠠ ᠰᠢᠯᠲᠠᠭᠠᠨ ᠢ ᠨᠢ ᠡᠷᠢᠵᠦ᠂ ᠠᠯᠳᠠᠰᠢ ᠭᠠᠷᠬᠤ ᠶᠢ ᠬᠤᠷᠢᠭᠯᠠᠵᠤ᠂ | ᠤᠳᠠᠭ᠎ᠠ ᠳᠠᠷᠠᠭᠠᠯᠠᠨ ᠥᠭᠡᠷᠡᠴᠢᠯᠡᠵᠦ ᠣᠯᠠᠨᠲᠠ ᠵᠥᠷᠢᠴᠡᠬᠦ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ ᠭᠡᠵᠡᠢ᠃ | ᠸᠠᠩ ᠸᠠᠩ ᠱᠧᠩ᠂ ᠺᠠᠳ᠋ᠷ ᠤᠨ ᠡᠩᠨᠡᠭᠡᠨ ᠤ ᠰᠤᠷᠲᠠᠯ ᠢ ᠬᠤᠪᠢᠷᠠᠭᠤᠯᠬᠤ ᠶᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠣᠯᠭᠠᠵᠤ᠂ | ᠬᠤᠶᠢᠰᠢᠳᠠ ᠶᠢᠨ ᠠᠵᠢᠯ ᠤᠨ ᠳᠤᠮᠳᠠ ᠪᠠᠨ ᠭᠤᠷᠪᠠᠨ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠶᠠᠭᠤ ᠬᠢᠬᠦ︾ ᠠᠵᠢᠯᠯᠠᠭᠠᠨ ᠤ ᠵᠦᠭᠯᠡᠭᠦᠷ ᠢ ᠲᠣᠳᠣᠷᠬᠠᠶᠢᠯᠠᠵᠤ᠂ ᠨᠥᠬᠦᠴᠡᠯ ᠢ ᠡᠷᠬᠢᠮᠯᠡᠬᠦ ᠦᠭᠡᠢ᠂ | ᠳᠤᠲᠠᠭᠤ ᠲᠤᠷᠭᠤᠨ ᠬᠡᠷᠡᠭᠵᠢᠭᠦᠯᠬᠦ ᠦᠭᠡᠢ᠂ ᠵᠣᠬᠢᠴᠠᠭᠤᠯᠤᠨ ᠬᠤᠪᠢᠷᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠬᠤᠶᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠶᠠᠭᠤᠨ ᠳᠤ ᠬᠢᠬᠦ︾ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠣᠳᠠᠲᠤ ᠶᠠᠪᠤᠳᠠᠯ ᠰᠠᠶᠢᠨ | ᠶᠠᠪᠤᠳᠠᠯ ᠢ ᠢᠯᠡᠭᠦᠬᠡᠨ ᠬᠢᠬᠦ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠵᠢᠷᠤᠮᠯᠠᠵᠤ᠂ ︽ᠶᠠᠭᠠᠬᠢᠵᠤ ᠬᠢᠬᠦ︾ ᠰᠠᠬᠢᠯᠭ᠎ᠠ ᠪᠠᠲᠤ ᠶᠢᠨ | ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠪᠠᠶᠢᠩᠭᠤᠵᠢᠭᠤᠯᠤᠨ ᠰᠤᠷᠤᠯᠴᠠᠵᠤ᠂ ᠲᠣᠭᠲᠠᠭᠠᠯ ᠠᠴᠠ | ᠵᠥᠷᠢᠴᠡᠨ ᠰᠠᠬᠢᠯᠭ᠎ᠠ ᠪᠠᠲᠤ ᠶᠢ ᠡᠪᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠺᠠᠳ᠋ᠷᠴᠤᠳ ᠤᠨ ᠳᠤᠷ᠎ᠠ ᠪᠠᠷ ᠢᠶᠠᠨ ᠦᠢᠯᠡᠳᠬᠦ᠂ ᠠᠵᠢᠯ ᠬᠢᠬᠦ ᠦᠭᠡᠢ᠂ ᠬᠢᠬᠦ ᠵᠣᠷᠢᠭ ᠦᠭᠡᠢ᠂ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠺᠠᠳ᠋ᠷ ᠤᠨ ᠰᠤᠷᠲᠠᠯ ᠤᠨ | ᠬᠤᠪᠢᠷᠠᠯᠲᠠ ᠪᠠᠷ ᠪᠦᠬᠦᠯᠢ ᠴᠣᠭᠴᠠ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠦᠨᠡᠨ ᠬᠦ ᠲᠠᠶᠢᠴᠢᠯᠠᠵᠦ᠂ ᠣᠳᠣᠬᠢᠴᠢᠯᠠᠭᠰᠠᠨ | ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠮᠧᠩ ᠬᠤᠷᠠᠯ ᠳᠤ ᠣᠷᠣᠯᠴᠠᠵᠠᠢ᠃ | | | | |