︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ | ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ | ᠪᠣᠯᠣᠨ᠎ᠠ᠃ | ᠤᠳᠤᠷᠢᠳᠤᠯᠭ᠎ᠠ ᠶᠢᠨ ᠠᠵᠢᠯᠯᠠᠭ᠎ᠠ | ᠸᠠᠩ ᠯᠢ ᠰᠢᠶᠠ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠠᠵᠤ ᠠᠬᠤᠶᠢᠯᠠᠯ ᠢ | ᠲᠤᠰᠠᠯᠠᠬᠤ ᠠᠵᠢᠯᠯᠠᠭᠠᠨ ᠥᠷᠨᠢᠭᠦᠯᠦᠭᠰᠡᠨ ᠪᠠᠶᠢᠳᠠᠯ ᠢ ᠨᠢ ᠪᠠᠶᠢᠴᠠᠭᠠᠨ ᠰᠤᠳᠤᠯᠪᠠ | 2 ᠳ᠋ᠤᠭᠠᠷ ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠤ ᠪᠠᠨ ᠭᠠᠷᠤᠭᠰᠠᠨ ᠠᠩᠬᠠᠨ ᠤ ᠡᠳᠦᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠥᠷᠨᠢᠭᠦᠯᠦᠭᠰᠡᠨ ᠪᠠᠶᠢᠳᠠᠯ ᠤᠨ ᠲᠠᠯ᠎ᠠ ᠪᠠᠷ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠤᠭᠰᠠᠨ ᠪᠥᠭᠡᠳ ᠰᠠᠭᠤᠳᠠᠯ ᠤᠨ ᠬᠤᠷᠠᠯ ᠬᠤᠷᠠᠯᠳᠤᠭᠤᠯᠪᠠ᠃ ᠶᠣᠣ ᠶᠦᠩ ᠪᠥᠸᠧ ᠲᠤᠰ | ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ | 2 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠳᠤ ᠬᠦᠷᠴᠦ | ᠪᠠᠶᠢᠴᠠᠭᠠᠨ ᠰᠤᠳᠤᠯᠪᠠ᠃ ᠶᠣᠣ ᠶᠦᠩ ᠪᠥᠸᠧ ᠲᠤᠰ ᠠᠵᠢᠯᠯᠠᠭ᠎ᠠ ᠳᠤ ᠣᠷᠣᠯᠴᠠᠪᠠ᠃ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ | 2 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃ | ᠬᠤᠸᠠᠩ ᡁᠢ ᠴᠢᠶᠠᠩ | ᠪᠦᠬᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠤᠬᠠᠭᠠᠯᠠᠨ ᠲᠥᠯᠥᠪᠯᠡᠬᠦ ᠠᠵᠢᠯᠯᠠᠭᠠᠨ ᠢ ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠠᠢ | 2 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠴᠢᠬᠤᠯᠠ ᠶᠡᠭᠡ ᠲᠥᠷᠥᠯ | ᠵᠦᠢᠯ ᠤᠨ ᠤᠬᠠᠭᠠᠯᠠᠨ ᠲᠥᠯᠥᠪᠯᠡᠬᠦ ᠠᠵᠢᠯᠯᠠᠭᠠᠨ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠪᠠ | ᠪᠥᠬᠦ ᠣᠷᠣᠨ ᠤ ᠬᠤᠶᠠᠷ ᠬᠤᠷᠠᠯ ᠤᠨ ᠭᠤᠣᠯᠳᠠᠯᠭ᠎ᠠ ᠪᠣᠯᠬᠤ ᠡᠭᠦᠷᠭᠡ ᠶᠢ ᠳᠠᠬᠢᠨᠲᠠ ᠲᠣᠬᠢᠷᠠᠭᠤᠯᠵᠤ ᠳᠠᠬᠢᠨᠲᠠ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ | ᠪᠦᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯ ᠤᠨ ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ | 2 ᠳ᠋ᠤᠭᠠᠷ ᠰᠠᠷ᠎ᠠ ᠶᠢᠨ 7 ᠤ ᠡᠳᠦᠷ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯ ᠤᠨ ᠬᠤᠷᠠᠯᠳᠤᠭᠠᠨ ᠬᠤᠷᠠᠯᠳᠤᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ᠂ ᠮᠥᠩᠭᠦᠨ ᠭᠦᠢᠯᠭᠡᠭᠡᠨ ᠤ | ᠠᠵᠢᠯ ᠤᠨ ᠬᠤᠷᠢᠶᠠᠨ ᠤ ᠱᠦᠵᠢ ᠬᠤᠸᠠᠩ ᡁᠢ ᠴᠢᠶᠠᠩ ᠲᠤᠰ ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ | | | |