ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ  ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ    ᠰᠦᠨ ᠱᠤᠤ ᠴᠧᠩ  ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2025/2/17
      2 ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠪᠣᠯᠣᠨ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢᠮ ᠢᠶᠠᠨ ᠴᠢᠩᠭᠠᠷᠠᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ︽ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠵᠡᠷᠭᠡ 6 ᠭᠤᠣᠯᠳᠠᠯᠭ᠎ᠠ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ︽ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠪᠣᠷᠤᠯᠠᠭᠤᠯᠭ᠎ᠠ ᠶᠢ ᠵᠣᠯᠭᠠᠭᠤᠯᠬᠤ︾᠂ ︽ᠮᠠᠯ ᠲᠡᠵᠢᠭᠡᠨ ᠦᠷᠡᠵᠢᠭᠦᠯᠬᠦ ᠬᠢᠭᠡᠳ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ ᠴᠣᠭᠴᠠᠵᠢᠭᠤᠯᠬᠤ︾᠂ ︽ᠲᠠᠷᠢᠮᠠᠯ ᠤᠨ ᠦᠢᠯᠡᠰ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ︾ ᠠᠵᠢᠯ ᠢ ᠭᠦᠢᠴᠡᠳ ᠰᠠᠶᠢᠲᠤᠷ ᠬᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠭᠠᠷᠳᠠᠴᠠ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠵᠡᠷᠭᠡ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ ᠭᠦᠨᠵᠡᠭᠡᠢ ᠬᠠᠳᠠᠩᠰᠢᠭᠤᠯᠬᠤ ᠬᠡᠷᠡᠭᠲᠡᠢ᠃ ᠬᠢᠯᠢ ᠳᠠᠭᠠᠤ ᠣᠷᠣᠨ ᠤ ᠨᠡᠭᠡᠭᠡᠯᠲᠡ ᠶᠢ ᠥᠷᠭᠡᠳᠬᠡᠵᠦ᠂ ᠬᠢᠯᠢ ᠬᠢᠵᠠᠭᠠᠷ ᠣᠷᠣᠨ ᠤ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠲᠤᠬᠠᠢ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠬᠢᠬᠦ ᠡᠨᠡ ᠬᠦ ᠬᠥᠪᠴᠢ ᠶᠢ ᠢᠮᠠᠭᠲᠠ ᠴᠢᠩᠭᠠᠯᠠᠨ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠨ ᠤᠭᠲᠤᠬᠤ ᠲᠠᠶᠢᠯᠠᠯᠭ᠎ᠠ ᠳᠡᠭᠡᠷᠡᠬᠢ ᠪᠠᠶᠠᠷ ᠤᠨ ᠦᠭᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠴᠠᠭᠠᠨ ᠶᠢᠷᠲᠢᠨᠴᠦ ᠴᠤ ᠠᠯᠳᠠᠨ ᠠᠭᠤᠯᠠ ᠮᠥᠩᠭᠦᠨ ᠬᠠᠶᠢᠷᠬᠠᠨ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠢᠰᠦᠯᠳᠦᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠳᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠬᠥᠮᠦᠵᠢᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠭᠡᠷ ᠪᠦᠯᠢ᠂ ᠭᠡᠷ ᠤᠨ ᠬᠥᠮᠦᠵᠢᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ ᠠᠷᠠᠳ ᠲᠦᠮᠡᠨ ᠤ ᠤᠯᠤᠰ ᠢᠶᠠᠨ ᠬᠠᠶᠢᠷᠠᠯᠠᠬᠤ ᠪᠠ ᠭᠡᠷ ᠢᠶᠠᠨ ᠬᠠᠶᠢᠷᠠᠯᠠᠬᠤ ᠶᠢ ᠨᠢᠭᠡᠳᠬᠡᠬᠦ ᠶᠢ ᠬᠥᠲᠥᠯᠥᠨ ᠵᠢᠯᠤᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠢ᠃ ᠪᠦᠬᠦ ᠣᠷᠣᠨ ᠤ ᠨᠠᠮ ᠤᠨ ᠭᠡᠰᠢᠭᠦᠨ᠂ ᠺᠠᠳ᠋ᠷ ᠪᠣᠯᠣᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠡᠷᠭᠡ ᠶᠢᠨ ᠤᠬᠠᠮᠰᠠᠷ ᠠᠴᠠ ᠪᠠᠨ ᠭᠡᠷ ᠪᠦᠯᠢ᠂ ᠭᠡᠷ ᠤᠨ ᠬᠥᠮᠦᠵᠢᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠬᠤ ᠶᠢ ᠬᠥᠲᠥᠯᠥᠨ ᠵᠢᠯᠤᠭᠤᠳᠴᠤ᠂ ᠪᠦᠬᠦ ᠨᠡᠶᠢᠭᠡᠮ ᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠭᠡᠷ ᠪᠦᠯᠢ ᠪᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠷᠬᠡᠭ ᠴᠠᠶᠢᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ 2025 ᠣᠨ ᠤ ᠨᠢᠭᠡᠳᠦᠭᠡᠷ ᠤᠯᠠᠷᠢᠯ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ᠂ ︽ᠴᠢᠳᠠᠯ ᠠᠴᠠ ᠨᠢ ᠠᠬᠠᠳᠠᠭᠤᠯᠬᠤ︾᠎ ᠶᠢ ᠴᠡᠭᠴᠡᠯᠡᠨ ᠵᠠᠰᠠᠬᠤ ᠲᠠᠢ ᠨᠢᠭᠡᠳᠦᠯᠲᠡᠢ ᠲᠥᠯᠥᠪᠯᠡᠨ ᠨᠢᠭᠡ ᠴᠣᠭᠴᠠᠵᠢᠭᠤᠯᠤᠨ ᠠᠬᠢᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷ ᠢ ᠰᠢᠢᠳᠪᠦᠷᠢᠯᠡᠬᠦ᠂ ᠥᠭᠡᠷᠡᠴᠢᠯᠡᠨ ᠰᠠᠶᠢᠵᠢᠷᠠᠭᠤᠯᠬᠤ᠂ ᠱᠠᠯᠠᠪᠳᠠᠭᠤᠯᠬᠤ︾᠎ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾᠎ ᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠦᠨᠳᠦᠰᠦᠨ ᠱᠠᠲᠤᠨ ᠤ ︽ᠳᠠᠷᠤᠭᠠᠰᠤ ᠬᠠᠮᠢᠭ᠎ᠠ ᠠᠴᠠ ᠢᠷᠡᠭᠰᠡᠨ︾᠎ ᠢ ᠭᠦᠨᠵᠡᠭᠡᠢ ᠰᠤᠳᠤᠯᠤᠨ᠂ ᠡᠬᠢ ᠡᠭᠦᠰᠦᠯ ᠢ ᠨᠢ ᠣᠨᠣᠪᠴᠢᠲᠠᠢ ᠡᠷᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦ ᠠᠴᠠ  ᠨᠢ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ᠂ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠲᠣᠬᠢᠷᠠᠭᠤᠯᠤᠯᠲᠠ ᠶᠣᠰᠣᠭᠠᠷ᠂ ᠪᠣᠭᠤᠮᠲᠠ ᠰᠢᠪᠲᠤᠯᠬᠤ ᠬᠠᠨᠳᠤᠰᠢ ᠪᠠ ᠰᠢᠪᠲᠤᠯᠤᠯᠲᠠ ᠶᠢᠨ ᠪᠠᠶᠢᠳᠠᠯ ᠢᠶᠠᠨ ᠪᠠᠲᠤᠯᠠᠵᠤ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠬᠡᠷᠡᠭᠯᠡᠭᠡ ᠶᠢ ᠥᠷᠭᠡᠳᠬᠡᠬᠦ ᠵᠡᠷᠭᠡ ᠠᠵᠢᠯ ᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠪᠠᠨ ᠤᠭᠳᠤ ᠰᠤᠯᠠᠷᠠᠭᠤᠯᠤᠯ ᠦᠭᠡᠢ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ ᠰᠢᠯᠢᠳᠡᠭᠵᠢᠭᠦᠯᠵᠦ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠰᠠᠶᠢᠨ ᠡᠬᠢᠯᠡᠯᠲᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠲᠥᠷᠥ ᠶᠢᠨ ᠨᠠᠮ ᠤᠨ ᠵᠥᠪᠯᠡᠬᠦ ᠲᠥᠯᠥᠪᠯᠡᠭᠡ︾᠎ ᠶᠢ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ