ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠲᠣᠭᠲᠠᠭᠠᠯ︾ ᠠᠴᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ | ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠭᠤᠣᠯᠳᠠᠯᠭ᠎ᠠ ᠲᠠᠢ ᠡᠭᠦᠷᠭᠡ ᠶᠢ ᠡᠵᠡᠮᠳᠡᠵᠦ᠂ ᠪᠠᠶᠢᠭᠤᠯᠤᠮᠵᠢ ᠲᠣᠭᠲᠠᠴᠠ ᠶᠢᠨ | ᠲᠠᠯ᠎ᠠ ᠠᠴᠠ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ | ᠠᠭᠤᠰᠤᠯᠴᠠᠭᠤᠯᠬᠤ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠴᠢᠬᠤᠯᠠ ᠡᠯᠧᠮᠧᠨ᠋ᠲ ᠤᠨ ᠡᠷᠬᠡ ᠲᠡᠭᠰᠢ ᠰᠣᠯᠢᠯᠴᠠᠭ᠎ᠠ᠂ ᠬᠤᠣᠰ ᠴᠢᠭᠯᠡᠯ ᠢᠶᠠᠷ | ᠰᠢᠯᠵᠢᠭᠦ ᠶᠢ ᠠᠬᠢᠭᠤᠯᠵᠤ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠠᠪᠤᠳᠠᠯ ᠢ ᠲᠦᠷᠭᠡᠳᠬᠡᠬᠦ ᠬᠡᠷᠡᠭᠲᠡᠢ᠃ 2023 ᠣᠨ ᠤ ᠡᠴᠦᠰ | ᠪᠤᠯᠲᠠᠯ᠎ᠠ ᠮᠠᠨ ᠤ ᠤᠯᠤᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 66.16% ᠬᠦᠷᠴᠦ᠂ ᠡᠷᠦᠭᠡ ᠠᠮᠠ ᠶᠢᠨ | ᠬᠠᠷᠢᠶᠠᠨ ᠤ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠨᠢ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠠᠴᠠ | 18 ᠵᠠᠭᠤᠨ ᠤ ᠬᠤᠪᠢ ᠰᠢᠬᠠᠮ ᠳᠣᠣᠷ᠎ᠠ ᠪᠠᠶᠢᠵᠤ᠂ 2.5 ᠳ᠋ᠦᠩᠰᠢᠭᠤᠷ ᠭᠠᠷᠤᠢ ᠬᠥᠮᠥᠨ ᠳᠤ ᠬᠤᠯᠪᠣᠭᠳᠠᠵᠤ᠂ ᠡᠭᠦᠨ ᠳᠤ ᠵᠣᠩᠬᠢᠯᠠᠬᠤ ᠣᠯᠠᠨ ᠲᠣᠭᠠᠨ ᠤ ᠬᠥᠮᠥᠨ᠋ | ᠨᠢ ᠬᠥᠳᠡᠭᠡ ᠲᠣᠰᠬᠤᠨ ᠤ ᠨᠡᠭᠦᠳᠡᠯ ᠬᠥᠮᠥᠨ ᠠᠮᠠ ᠪᠣᠯᠣᠨ᠎ᠠ᠃ ᠣᠳᠣᠬᠠᠨ ᠤ ᠪᠠᠴᠢᠮ ᠡᠭᠦᠷᠭᠡ ᠪᠣᠯ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ | ᠬᠥᠮᠥᠨ ᠠᠮᠠ ᠶᠢ ᠬᠤᠲᠠ ᠳᠤ ᠡᠷᠦᠭᠡ ᠠᠮᠠ ᠣᠷᠣᠭᠤᠯᠤᠨ ᠰᠠᠭᠤᠷᠢᠰᠢᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠶᠢᠩᠭᠤ ᠰᠠᠭᠤᠭ᠎ᠠ ᠬᠥᠮᠥᠨ | ᠠᠮᠠ ᠳᠤ ᠨᠡᠶᠢᠳᠡᠮ ᠬᠠᠩᠭᠠᠬᠤ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠠᠪᠤᠳᠠᠯ ᠢ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠪᠤᠯᠭᠠᠵᠤ᠂ ᠡᠷᠦᠭᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠨ᠂ ᠣᠨᠴᠠ ᠶᠡᠭᠡ ᠬᠤᠲᠠ ᠠᠴᠠ ᠭᠠᠳᠠᠨᠠᠬᠢ ᠡᠷᠦᠭᠡ ᠠᠮᠠ ᠣᠷᠣᠭᠤᠯᠬᠤ ᠬᠢᠵᠠᠭᠠᠷᠯᠠᠯ ᠢ ᠴᠢᠯᠦᠭᠡᠲᠡᠢ ᠪᠤᠯᠭᠠᠵᠤ᠂ ᠬᠤᠲᠠ ᠪᠠᠯᠭᠠᠰᠤᠨ ᠳᠤ | ᠲᠣᠭᠲᠠᠪᠤᠷᠢᠲᠠᠢ ᠠᠵᠢᠯ ᠣᠯᠣᠭᠰᠠᠨ ᠪᠠ ᠠᠮᠢᠳᠤᠷᠠᠵᠤ ᠪᠠᠶᠢᠭ᠎ᠠ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠭᠡᠷ ᠪᠦᠯᠢ ᠪᠠᠷ ᠢᠶᠠᠨ ᠬᠤᠲᠠ ᠣᠷᠣᠵᠤ ᠡᠷᠦᠭᠡ | ᠠᠮᠠ ᠣᠷᠣᠬᠤ ᠶᠢ ᠠᠬᠢᠭᠤᠯᠬᠤ ᠶᠢᠨ ᠬᠠᠮᠲᠤ ᠬᠤᠲᠠ ᠪᠠᠯᠭᠠᠰᠤᠨ ᠤ ᠰᠠᠭᠤᠭᠠᠯᠢ ᠠᠷᠠᠳ ᠲᠠᠢ ᠠᠳᠠᠯᠢ ᠡᠷᠬᠡ ᠶᠢ ᠡᠳ᠋ᠯᠡᠵᠦ᠂ ᠠᠳᠠᠯᠢ ᠡᠭᠦᠷᠭᠡ ᠶᠢ ᠭᠦᠢᠴᠡᠳᠬᠡᠬᠦ | ᠬᠡᠷᠡᠭᠲᠡᠢ᠃ ᠬᠤᠯᠪᠣᠭᠳᠠᠯ ᠪᠦᠬᠦᠢ ᠤᠯᠠᠨ ᠨᠡᠶᠢᠲᠡ ᠶᠢᠨ ᠦᠢᠯᠡᠴᠢᠯᠡᠭᠡ ᠶᠢᠨ ᠬᠥᠮᠥᠨ ᠢ ᠲᠠᠭᠠᠬᠤ ᠶᠢ ᠠᠬᠢᠭᠤᠯᠵᠤ᠂ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ ᠪᠠᠶᠢᠩᠭᠤ ᠰᠠᠭᠤᠭ᠎ᠠ ᠭᠠᠵᠠᠷ ᠠᠴᠠ ᠬᠠᠩᠭᠠᠬᠤ᠂ ᠪᠦᠭᠦ ᠪᠠᠶᠢᠩᠭᠤ ᠰᠠᠭᠤᠭ᠎ᠠ ᠬᠥᠮᠥᠨ ᠠᠮᠠ ᠶᠢ ᠬᠠᠮᠤᠷᠬᠤ ᠶᠢ ᠯᠠᠪᠳᠠᠭᠤᠨ ᠢᠶᠠᠷ ᠪᠡᠶᠡᠯᠡᠭᠦᠯᠦᠨ᠎ᠡ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠢ ᠠᠵᠢᠯ ᠣᠯᠬᠤ ᠶᠢ ᠠᠬᠢᠭᠤᠯᠵᠤ᠂ ᠳᠠᠭᠠᠵᠤ ᠨᠡᠭᠦᠭᠰᠡᠨ ᠦᠷ᠎ᠡ | ᠬᠡᠦᠬᠡᠳ ᠤᠨ ᠨᠡᠭᠦᠵᠦ ᠣᠴᠢᠭᠰᠠᠨ ᠭᠠᠵᠠᠷ ᠲᠠᠭᠠᠨ ᠰᠤᠷᠭᠠᠨ ᠬᠥᠮᠦᠵᠢᠯ ᠭᠦᠷᠳᠡᠭᠦ ᠡᠷᠬᠡ ᠶᠢ ᠪᠠᠲᠤᠯᠠᠵᠤ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠣᠯᠠᠨ | ᠡᠰᠢᠵᠢᠭᠰᠡᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠣᠭᠰᠠᠨ ᠭᠠᠵᠠᠷ ᠲᠤ ᠳᠠᠭᠠᠳᠬᠠᠯ ᠳᠤ ᠣᠷᠣᠬᠤ ᠡᠷᠦᠭᠡ | ᠠᠮᠠ ᠶᠢᠨ ᠬᠢᠵᠠᠭᠠᠷᠯᠠᠯ ᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠴᠢᠩᠭᠠᠷᠠᠭᠤᠯᠵᠤ᠂ | ᠰᠢᠶᠠᠨ ᠤ ᠬᠤᠲᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠣᠶᠢᠷ᠎ᠠ ᠬᠠᠪᠢ ᠳᠤᠨᠢ ᠬᠤᠲᠠ | ᠪᠠᠯᠭᠠᠰᠤᠵᠢᠭᠤᠯᠤᠨᠠ᠃ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠬᠦ | ᠬᠡᠷᠡᠭᠲᠡᠢ᠃ ᠣᠳᠣᠬᠠᠨ ᠳᠤ ᠲᠠᠷᠢᠶᠠᠯᠠᠩ ᠤᠨ ᠰᠠᠭᠤᠷᠢ ᠪᠠᠰᠠ ᠨᠡᠯᠢᠶᠡᠳ ᠪᠠᠭᠤᠷᠠᠢ ᠪᠠᠶᠢᠵᠤ᠂ ᠬᠥᠳᠡᠭᠡ ᠲᠣᠰᠬᠤᠨ ᠤ ᠬᠥᠭᠵᠢᠯᠲᠡ ᠮᠥᠨ ᠬᠦ ᠬᠤᠴᠤᠷᠤᠩᠭᠤᠢ ᠪᠠᠶᠢᠭ᠎ᠠ | ᠪᠣᠯᠬᠤᠷ ᠡᠷᠬᠡᠪᠰᠢ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠨ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ | ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠲᠠᠷᠢᠶᠠᠯᠠᠩ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠂ ᠬᠥᠮᠥᠨ ᠤ | ᠬᠦᠴᠦᠨ ᠤ ᠣᠷᠣᠭᠤᠯᠤᠯᠲᠠ᠂ ᠪᠣᠳᠠᠰ ᠤᠨ ᠬᠦᠴᠦᠨ ᠤ ᠲᠣᠬᠢᠷᠠᠭᠤᠯᠤᠯᠲᠠ᠂ ᠡᠳ᠋ ᠤᠨ ᠬᠦᠴᠦᠨ ᠤ ᠪᠠᠲᠤᠯᠠᠭ᠎ᠠ ᠵᠡᠷᠭᠡ ᠶᠢ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠬᠠᠷᠠᠯᠲᠠ ᠡᠭᠦᠷᠭᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠵᠥᠷᠢᠶ᠎ᠡ ᠶᠢ | ᠪᠠᠭᠠᠰᠬᠠᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠢ ᠡᠩ ᠤᠨ ᠣᠯᠠᠨ ᠨᠡᠶᠢᠲᠡ ᠶᠢᠨ ᠲᠥᠰᠥᠪ ᠢ ᠤᠷᠢᠳ ᠢᠶᠠᠷ ᠪᠠᠲᠤᠯᠠᠬᠤ ᠶᠢ ᠪᠠᠷᠢᠮᠲᠠᠯᠠᠵᠤ᠂ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠲᠠᠷᠢᠶᠠᠯᠠᠩ ᠬᠥᠳᠡᠭᠡ ᠲᠣᠰᠬᠤᠨ ᠲᠡᠶᠢᠰᠢ ᠤᠯᠠᠮ ᠨᠢᠭᠡ ᠠᠯᠬᠤᠮ ᠬᠡᠯᠪᠡᠶᠢᠯᠭᠡᠵᠦ᠂ ᠣᠷᠣᠨ ᠨᠤᠲᠤᠭ ᠤᠨ | ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠠᠯ᠎ᠠ ᠪᠠᠷ ᠲᠠᠷᠢᠶᠠᠯᠠᠩ ᠢ | ᠳᠡᠮᠵᠢᠬᠦ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠶᠢ ᠬᠥᠳᠡᠭᠡ ᠲᠣᠰᠬᠤᠨ ᠳᠤ ᠲᠠᠯᠪᠢᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ | ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠡᠰ ᠳᠡᠪᠰᠢᠬᠦ ᠶᠢ | ᠠᠬᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠪᠠᠭᠤᠯᠭᠠᠬᠤ ᠶᠢ ᠠᠬᠢᠭᠤᠯᠵᠤ᠂ ᠪᠦᠭᠦ ᠠᠷᠠᠳ ᠢ ᠬᠠᠮᠤᠷᠤᠭᠰᠠᠨ᠂ ᠨᠡᠶᠢᠳᠡᠮ ᠠᠰᠢᠭ ᠬᠦᠷᠲᠡᠭᠡᠵᠦ | ᠬᠠᠮᠲᠤ ᠪᠠᠷ ᠡᠳ᠋ᠯᠡᠭᠰᠡᠨ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ ᠪᠦᠷᠢᠨᠰᠢᠭᠦᠯᠦᠨ᠎ᠡ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠬᠠᠮᠲᠤ ᠪᠠᠷ ᠠᠰᠢᠭ ᠭᠦᠷᠲᠡᠭᠦ ᠶᠢ ᠪᠡᠶᠡᠯᠡᠭᠦᠯᠬᠦ ᠬᠡᠷᠡᠭᠲᠡᠢ᠃ ᠠᠮᠤ ᠪᠤᠳᠠᠭ᠎ᠠ | ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠵᠤ᠂ ᠠᠮᠤ ᠪᠤᠳᠠᠭ᠎ᠠ ᠳᠠᠷᠢᠬᠤ | ᠲᠠᠷᠢᠶᠠᠴᠢᠳ ᠢ ᠠᠰᠢᠭ ᠣᠷᠣᠯᠭ᠎ᠠ ᠲᠠᠢ ᠪᠤᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠰᠡᠳᠬᠢᠯ ᠠᠮᠤᠷ ᠪᠠᠲᠤᠯᠠᠵᠤ ᠴᠢᠳᠠᠨ᠎ᠠ᠃ ᠠᠮᠤ ᠪᠤᠳᠠᠭᠠᠨ ᠤ | ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠨᠢᠭᠡᠳᠦᠯᠲᠡᠢ ᠲᠥᠯᠥᠪᠯᠡᠨ | ᠪᠠᠶᠢᠭᠤᠯᠵᠤ᠂ ᠠᠰᠢᠭ ᠲᠤᠰᠠ ᠶᠢᠨ ᠨᠥᠬᠦᠪᠦᠷᠢ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠨᠥᠬᠦᠪᠦᠷᠢᠯᠡᠬᠦ ᠠᠷᠭ᠎ᠠ ᠵᠠᠮ ᠢ ᠥᠷᠭᠡᠵᠢᠭᠦᠯᠦᠨ᠂ ᠨᠥᠬᠦᠪᠦᠷᠢᠯᠡᠬᠦ | ᠡᠷᠴᠢᠮ ᠢᠶᠠᠨ ᠨᠡᠮᠡᠭᠳᠡᠭᠦᠯᠵᠦ᠂ ᠭᠤᠣᠯ ᠭᠠᠷᠤᠯᠲᠠ ᠶᠢᠨ ᠣᠷᠣᠨ ᠤ ᠵᠠᠰᠠᠭ ᠤᠨ ᠣᠷᠳᠣᠨ ᠪᠣᠯᠣᠨ ᠥᠷᠭᠡᠨ ᠣᠯᠠᠨ ᠲᠠᠷᠢᠶᠠᠴᠢᠳ ᠲᠤ ᠠᠮᠤ ᠪᠤᠳᠠᠭ᠎ᠠ ᠲᠠᠷᠢᠬᠤ ᠳᠤ | ᠨᠡᠩ ᠢᠯᠡᠭᠦᠦ ᠪᠣᠳᠠᠲᠤ ᠠᠰᠢᠭ ᠬᠦᠷᠲᠡᠭᠡᠵᠦ᠂ ᠭᠤᠣᠯ ᠭᠠᠷᠤᠯᠲᠠ ᠶᠢᠨ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠠᠳᠬᠤᠬᠤ ᠢᠳᠡᠪᠬᠢᠵᠢᠯ ᠢ | ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ᠃ | ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠭᠤᠣᠯ ᠡᠭᠦᠷᠭᠡ ᠪᠤᠯᠭᠠᠬᠤ ᠶᠢ ᠪᠠᠷᠢᠮᠲᠠᠯᠠᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ | ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠬᠦ ᠳᠤ ᠲᠠᠷᠢᠶᠠᠴᠢᠳ ᠤᠨ ᠣᠷᠣᠯᠭ᠎ᠠ ᠶᠢ ᠦᠨᠳᠦᠰᠦᠨ ᠠᠴᠠ ᠨᠢ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠬᠤ ᠬᠡᠷᠡᠭᠲᠡᠢ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ | ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠲᠠᠷᠢᠶᠠᠴᠢᠨ ᠡᠷᠦᠭᠡ ᠶᠢᠨ ᠣᠨᠴᠠᠯᠢᠭᠲᠤ ᠳᠠᠷᠢᠵᠤ ᠲᠡᠵᠢᠭᠡᠬᠦ᠂ ᠭᠠᠷ | ᠦᠢᠯᠡᠳᠬᠡᠯ ᠤᠨ ᠭᠠᠵᠠᠷ᠂ ᠣᠶ ᠶᠢᠨ ᠳᠣᠲᠣᠷᠠᠬᠢ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠥᠭᠵᠢᠯᠲᠡ ᠶᠢ ᠲᠠᠷᠢᠶᠠᠯᠠᠩ ᠳᠤ | ᠬᠤᠯᠪᠣᠭᠳᠠᠭᠤᠯᠤᠨ ᠲᠠᠷᠢᠶᠠᠯᠠᠩ ᠢ ᠳᠠᠶᠢᠴᠢᠯᠠᠬᠤ ᠶᠢ ᠴᠢᠩᠭᠠᠳᠬᠠᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠ | ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢ ᠲᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠲᠠᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠯᠥᠰᠦᠨ ᠠᠵᠢᠯᠴᠢᠨ ᠤ ᠠᠵᠢᠯ ᠣᠯᠭᠤᠯᠲᠠ ᠶᠢ ᠢᠳᠡᠪᠬᠢᠲᠡᠢ ᠲᠣᠭᠲᠠᠪᠤᠷᠢᠵᠢᠭᠤᠯᠵᠤ᠂ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠮᠳᠠ ᠪᠠᠭ᠎ᠠ ᠵᠢᠵᠢᠭ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ ᠬᠡᠯᠪᠡᠶᠢᠯᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠬᠥᠯᠥᠰᠦᠨ ᠠᠵᠢᠯᠴᠢᠨ ᠵᠡᠷᠭᠡ | ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠳᠤ ᠬᠠᠨᠳᠤᠭᠤᠯᠤᠨ ᠰᠣᠷᠣᠬᠴᠢ ᠡᠯᠰᠡᠬᠦ ᠬᠡᠪᠴᠢᠶ᠎ᠡ ᠶᠢ ᠲᠣᠭᠲᠠᠪᠤᠷᠢᠵᠢᠭᠤᠯᠵᠤ᠂ ᠣᠶᠤᠨᠴᠢ ᠦᠢᠯᠡᠳᠬᠡᠯ ᠵᠡᠷᠭᠡ | ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠪᠠ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠠᠵᠢᠯᠴᠢᠨ ᠲᠤᠲᠠᠭᠳᠠᠵᠤ ᠪᠠᠶᠢᠭ᠎ᠠ ᠠᠵᠢᠯ ᠲᠥᠷᠥᠯ ᠤᠨ ᠬᠡᠷᠡᠭᠴᠡᠭᠡ | ᠱᠠᠭᠠᠷᠳᠠᠯᠭ᠎ᠠ ᠪᠠᠷ ᠬᠥᠲᠥᠯᠥᠮᠵᠢ ᠪᠤᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠨ | ᠴᠢᠳᠠᠪᠤᠷᠢ ᠶᠢ ᠨᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠣᠭᠰᠠᠳ ᠤᠨ ᠡᠷᠬᠡ ᠠᠰᠢᠭ ᠢ ᠪᠠᠲᠤᠯᠠᠬᠤ ᠳᠦᠷᠢᠮ ᠢ | ᠲᠦᠷᠭᠡᠪᠴᠢᠯᠡᠨ ᠲᠡᠭᠦᠯᠳᠡᠷᠵᠢᠭᠦᠯᠵᠦ᠂ ᠨᠠᠰᠤ ᠬᠡᠲᠦᠷᠡᠭᠰᠡᠨ ᠬᠥᠯᠥᠰᠦᠨ ᠠᠵᠢᠯᠴᠢᠨ ᠤ ᠠᠵᠢᠯ ᠣᠯᠬᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠣᠷᠣᠨ ᠪᠦᠰᠡ | ᠠᠯᠤᠰᠯᠠᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠣᠬᠢᠶᠠᠨ ᠪᠠᠶᠢᠭᠤᠯᠤᠯᠲᠠ ᠲᠠᠢ ᠭᠦᠳᠡᠯᠮᠦᠷᠢ ᠦᠢᠯᠡᠴᠢᠯᠡᠭᠡᠨ ᠢ ᠭᠠᠳᠠᠭᠰᠢ ᠭᠠᠷᠭᠠᠬᠤ ᠲᠣᠭᠲᠠᠴᠠ ᠶᠢ | ᠪᠦᠷᠢᠨᠰᠢᠭᠦᠯᠵᠦ᠂ ᠭᠦᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠨᠤᠲᠤᠭ ᠲᠠᠭᠠᠨ ᠪᠤᠴᠠᠵᠤ ᠨᠤᠲᠤᠭ ᠲᠠᠭᠠᠨ ᠣᠷᠣᠵᠤ | ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠪᠣᠳᠠᠲᠠᠢ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠪᠠ | ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠵᠢᠯ ᠣᠯᠭᠤᠬᠤ ᠪᠠᠷ ᠲᠡᠳᠬᠦᠮᠵᠢ | ᠣᠷᠣᠯᠠᠭᠤᠯᠬᠤ ᠶᠢ ᠳᠡᠯᠭᠡᠷᠡᠭᠦᠯᠵᠦ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠬᠠᠷᠢᠴᠠᠯ ᠢ ᠵᠣᠬᠢᠰᠲᠠᠢ ᠳᠡᠭᠡᠭᠰᠢᠯᠡᠭᠦᠯᠦᠨ᠎ᠡ᠃ | ᠲᠦᠷᠢᠶᠡᠰᠦᠯᠡᠭᠦᠯᠬᠦ᠂ ᠬᠤᠷᠰᠢᠵᠤ ᠨᠡᠭᠡᠭᠡᠬᠦ᠂ ᠬᠤᠪᠢ ᠣᠷᠣᠭᠤᠯᠵᠤ ᠡᠵᠡᠩᠨᠡᠬᠦ ᠵᠡᠷᠭᠡ ᠠᠷᠭ᠎ᠠ ᠪᠠᠷ ᠬᠥᠳᠡᠭᠡ ᠲᠣᠰᠬᠤᠨ ᠤ ᠡᠬᠢ ᠪᠠᠶᠠᠯᠢᠭ ᠤᠨ ᠬᠥᠷᠥᠩᠭᠡ ᠶᠢ | ᠠᠮᠢᠳᠤᠯᠢᠭᠵᠢᠭᠤᠯᠤᠨ ᠠᠰᠢᠭᠯᠠᠵᠤ᠂ ᠲᠠᠷᠢᠶᠠᠴᠢᠳ ᠤᠨ ᠬᠥᠷᠥᠩᠭᠡ ᠶᠢᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ | ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠪᠠᠶᠢᠩᠭᠤᠵᠢᠭᠰᠠᠨ ᠲᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠬᠤᠷᠢᠭ᠎ᠠ | ᠱᠤᠭᠤᠮ ᠤᠨ ᠡᠭᠦᠷᠭᠡ ᠪᠠ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠤᠯᠭᠠᠵᠤ᠂ ᠰᠦᠷ ᠳᠠᠯᠠᠶᠢᠴᠠᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠷᠠᠳ ᠤᠨ ᠲᠠᠶᠢᠨ ᠢ ᠵᠣᠬᠢᠶᠠᠨ ᠪᠠᠶᠢᠭᠤᠯᠤᠨ ᠥᠷᠨᠢᠭᠦᠯᠪᠡ᠃ 2020 ᠣᠨ ᠤ ᠰᠡᠭᠦᠯᠴᠢ ᠪᠤᠯᠬᠤ ᠳᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ | ᠶᠠᠳᠠᠭᠤ ᠬᠦᠴᠢᠷᠳᠡᠯ ᠢ ᠰᠢᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠢ ᠬᠡᠳᠦᠨ ᠮᠢᠩᠭᠠᠨ ᠵᠢᠯ ᠭᠠᠴᠢᠭᠳᠠᠭᠤᠯᠵᠤ ᠪᠠᠶᠢᠭᠰᠠᠨ ᠬᠠᠷᠢᠴᠠᠯᠠᠰᠢᠭᠦᠢ ᠶᠠᠳᠠᠭᠤ | ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠳᠤ ᠭᠢᠯᠪᠡᠷ ᠪᠢᠰᠢ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠨᠢ ᠴᠦ ᠭᠢᠯᠪᠡᠷ ᠶᠠᠪᠤᠳᠠᠯ ᠪᠢᠰᠢ ᠶᠤᠮ᠃ ᠡᠷᠬᠡᠪᠰᠢ | ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠭᠡᠳᠦ ᠶᠢ ᠪᠣᠳᠣᠯᠬᠢᠯᠠᠵᠤ᠂ ᠬᠥᠳᠡᠭᠡ ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠲᠠᠭᠢᠨ ᠶᠠᠳᠠᠭᠤᠷᠠᠬᠤ ᠪᠠ | ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤ ᠪᠠᠬᠢ᠂ ᠦᠷ᠎ᠡ | ᠪᠦᠲᠦᠮᠵᠢ ᠶᠢ ᠨᠡᠩ ᠦᠷᠭᠦᠯᠵᠢᠯᠡᠬᠦ ᠴᠢᠨᠠᠷᠲᠠᠢ ᠪᠤᠯᠭᠠᠵᠤ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠠᠰᠢᠯᠭ᠎ᠠ ᠶᠢ ᠪᠠᠲᠤ ᠴᠣᠭᠴᠠᠯᠠᠬᠤ ᠬᠡᠷᠡᠭᠲᠡᠢ᠃ ᠬᠥᠳᠡᠯᠦᠩᠭᠦᠢ ᠬᠢᠨᠠᠨ | ᠰᠢᠨᠵᠢᠬᠦ ᠲᠣᠭᠲᠠᠴᠠ ᠶᠢ ᠪᠦᠷᠢᠨᠰᠢᠭᠦᠯᠵᠦ᠂ ᠳᠠᠭᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠬᠥᠳᠡᠭᠡ | ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠵᠣᠯᠭᠠᠭᠤᠯᠬᠤ ᠶᠢ ᠠᠬᠢᠭᠤᠯᠤᠨ᠂ | ᠨᠥᠬᠦᠴᠡᠯ ᠳᠤ ᠨᠡᠶᠢᠴᠡᠬᠦ ᠡᠲᠡᠭᠡᠳ ᠢ ᠪᠦᠭᠦᠨ ᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠥᠳᠡᠭᠡ ᠲᠣᠰᠬᠤᠨ ᠤ | ᠣᠷᠣᠯᠭ᠎ᠠ ᠪᠠᠭᠠᠲᠠᠢ ᠣᠯᠠᠨ ᠲᠦᠮᠡᠨ ᠤ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠴᠦᠯᠡᠨ ᠬᠥᠭᠵᠢᠭᠡᠵᠦ᠂ ᠲᠠᠰ ᠲᠥᠷᠥᠯ ᠬᠤᠪᠢᠶᠠᠨ | ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠥᠳᠡᠯᠮᠦᠷᠢᠯᠡᠬᠦ ᠴᠢᠳᠠᠪᠤᠷᠢ ᠲᠠᠢ ᠬᠢᠨᠠᠨ ᠬᠡᠮᠵᠢᠭᠳᠡᠬᠦ ᠡᠲᠡᠭᠡᠳ ᠲᠤ᠂ ᠦᠨᠳᠦᠰᠦᠨ ᠠᠮᠢᠳᠤᠷᠠᠯ ᠢ ᠪᠠᠲᠤᠯᠠᠭᠰᠠᠨ ᠰᠠᠭᠤᠷᠢᠨ ᠳᠡᠭᠡᠷ᠎ᠡ᠂ ᠡᠷᠴᠢ | ᠵᠣᠷᠢᠭ ᠢ ᠲᠡᠳᠬᠦᠬᠦ ᠤᠶᠤᠨ ᠢ ᠲᠡᠳᠬᠦᠬᠦ ᠶᠢ ᠤᠶᠠᠯᠳᠤᠭᠤᠯᠵᠤ᠂ ᠲᠡᠳᠡᠨ ᠢ ᠬᠠᠪᠰᠤᠷᠤᠨ ︽ᠴᠢᠰᠤ ᠪᠦᠲᠦᠭᠡᠬᠦ︾ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ᠃ | ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ | ᠨᠥᠬᠦᠪᠦᠷᠢᠯᠡᠵᠦ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠬᠤᠲᠠ ᠬᠥᠳᠡᠭᠡ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠭᠠᠵᠠᠷ ᠰᠢᠷᠣᠢ ᠪᠣᠯ ᠬᠤᠪᠣᠷ ᠴᠤᠬᠠᠭ ᠡᠬᠢ ᠪᠠᠶᠠᠯᠢᠭ ᠪᠣᠯᠬᠤᠷ ᠡᠷᠬᠡᠪᠰᠢ ᠥᠨᠳᠥᠷ ᠪᠦᠲᠦᠮᠵᠢᠲᠡᠶ ᠪᠠᠷ | ᠲᠣᠬᠢᠷᠠᠭᠤᠯᠤᠨ᠂ ᠡᠷᠴᠢᠮᠵᠢᠭᠦᠯᠦᠨ ᠠᠰᠢᠭᠯᠠᠵᠤ᠂ ᠢᠮᠠᠬᠤ ᠭᠠᠵᠠᠷ ᠰᠢᠷᠣᠢ ᠨᠢᠭᠡᠪᠦᠷᠢ ᠳᠤ ᠬᠠᠮᠤᠭ ᠤᠨ ᠶᠡᠭᠡ ᠦᠷ᠎ᠡ ᠠᠰᠢᠭ ᠢ ᠨᠢ ᠪᠠᠳᠠᠷᠠᠭᠤᠯᠬᠤ ᠬᠡᠷᠡᠭᠲᠡᠢ᠃ | ᠤᠯᠤᠰ ᠤᠨ ᠬᠤᠷᠸ᠎ᠠ ᠲᠥᠷᠥ ᠶᠢᠨ ᠪᠣᠳᠣᠯᠭ᠎ᠠ ᠪᠣᠯᠣᠨ ᠣᠷᠣᠨ ᠪᠦᠰᠡ ᠶᠢᠨ ᠬᠥᠭᠵᠢᠯᠲᠡ ᠯᠦᠭᠡ ᠪᠦᠲᠦᠮᠵᠢᠲᠡᠶ ᠵᠣᠯᠭᠠᠯᠴᠠᠬᠰᠠᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠭᠤᠣᠯᠯᠠᠬᠤ ᠠᠵᠤ ᠦᠢᠯᠡᠰ᠂ ᠴᠢᠬᠤᠯᠠ ᠶᠡᠭᠡ ᠲᠥᠷᠥᠯ ᠵᠦᠢᠯ ᠳᠤ ᠭᠠᠵᠠᠷ ᠰᠢᠷᠣᠢ ᠶᠢ ᠵᠦᠢ ᠵᠣᠬᠢᠰᠲᠠᠢ | ᠬᠡᠷᠡᠭᠯᠡᠬᠦ ᠶᠢ ᠡᠩ ᠲᠡᠷᠢᠭᠦᠨ ᠳᠤ ᠪᠠᠲᠤᠯᠠᠨ᠎ᠠ᠃ ᠬᠤᠳᠠ ᠬᠥᠳᠡᠭᠡ ᠶᠢᠨ ᠨᠢᠭᠡᠳᠦᠯᠲᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ | ᠪᠦᠷᠢᠨᠰᠢᠭᠦᠯᠵᠦ᠂ ᠪᠦᠭᠦ ᠤᠯᠤᠰ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠪᠠ ᠲᠠᠷᠢᠶᠠᠨ ᠭᠠᠵᠠᠷ ᠢ ᠨᠥᠬᠦᠪᠦᠷᠢᠯᠡᠬᠦ | ᠭᠦᠢᠴᠡᠳᠬᠡᠯ ᠲᠤᠭ᠎ᠠ ᠶᠢ ᠣᠷᠣᠨ ᠪᠦᠰᠡ ᠠᠯᠤᠰᠯᠠᠨ ᠠᠷᠠᠯᠵᠢᠶᠠᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠤᠵᠢ ᠶᠢᠨ ᠱᠠᠲᠤᠨ ᠠᠴᠠ ᠳᠣᠷᠣᠭᠰᠢᠬᠢ | ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠬᠡᠪᠴᠢᠶ᠎ᠡ ᠶᠢ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠰᠢᠩᠭᠡᠬᠡᠨ | ᠠᠪᠴᠤ ᠡᠷᠦᠭᠡ ᠠᠮᠠ ᠣᠷᠣᠭᠤᠯᠬᠤ ᠲᠤᠭ᠎ᠠ ᠬᠡᠮᠵᠢᠶ᠎ᠡ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠯᠡᠳᠡᠭᠡᠯ ᠭᠠᠵᠠᠷ ᠰᠢᠷᠣᠢ | ᠪᠣᠯᠣᠨ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ ᠭᠠᠵᠠᠷ ᠢ ᠠᠮᠢᠳᠤᠯᠢᠭᠵᠢᠭᠤᠯᠵᠤ᠂ ᠡᠯ᠎ᠡ ᠲᠥᠷᠥᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠡᠷᠡᠭᠯᠡᠬᠦ | ᠭᠠᠵᠠᠷ ᠤᠨ ᠲᠤᠰᠬᠠᠢ ᠵᠦᠢᠯ ᠤᠨ ᠴᠡᠭᠴᠡᠯᠡᠨ ᠵᠠᠰᠠᠯᠲᠠ ᠶᠢ ᠥᠷᠨᠢᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠢ ᠲᠦᠷᠭᠡᠳᠬᠡᠨ ᠬᠥᠭᠵᠢᠭᠦᠯᠵᠦ᠂ ᠭᠠᠵᠠᠷ ᠰᠢᠷᠣᠢ ᠶᠢ ᠬᠤᠯᠢᠯᠳᠤᠭᠤᠯᠤᠨ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ | ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠵᠤ᠂ ᠭᠠᠵᠠᠷ ᠰᠢᠷᠣᠢ ᠶᠢᠨ ᠦᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠬᠤᠲᠠ ᠳᠤ ᠡᠷᠦᠭᠡ ᠠᠮᠠ ᠣᠷᠣᠭᠰᠠᠨ ᠲᠠᠷᠢᠶᠠᠴᠢᠨ ᠤ ᠬᠥᠳᠡᠭᠡ ᠲᠣᠰᠬᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠠᠵᠠᠷ ᠰᠢᠷᠣᠢ ᠪᠣᠯ ᠥᠷᠭᠡᠨ | ᠤᠯᠠᠨ ᠲᠠᠷᠢᠶᠠᠴᠢᠳ ᠤᠨ ︽ᠠᠮᠢ ᠭᠤᠣᠯ︾ ᠮᠥᠨ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠨᠢ ᠲᠠᠷᠢᠶᠠᠴᠢᠳ ᠤᠨ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠳᠠᠭᠠᠭᠠᠴᠢᠯᠠᠭᠰᠠᠨ ᠭᠠᠵᠠᠷ ᠤᠨ ᠥᠮᠴᠢᠯᠡᠬᠦ ᠡᠷᠬᠡ᠂ ᠳᠠᠭᠠᠭᠠᠴᠢᠯᠠᠬᠤ | ᠡᠷᠬᠡ᠂ ᠡᠵᠡᠩᠨᠡᠬᠦ ᠡᠷᠬᠡ ᠶᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠲᠠᠷᠢᠶᠠᠴᠢᠳ ᠤᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ ᠪᠠᠨ | ᠦᠯᠡᠳᠡᠭᠡᠬᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠡᠷᠭᠢᠯᠲᠡ ᠳᠤ ᠣᠷᠣᠭᠤᠯᠬᠤ ᠬᠦᠰᠡᠯ ᠰᠠᠨᠠᠭ᠎ᠠ ᠳᠤ ᠨᠡᠶᠢᠴᠡᠭᠦᠯᠦᠨ᠂ ᠲᠠᠷᠢᠶᠠᠴᠢᠳ ᠤᠨ ᠡᠷᠬᠡ | ᠠᠰᠢᠭ ᠢ ᠬᠠᠮᠠᠭᠠᠯᠠᠵᠤ᠂ ᠰᠣᠩᠭᠤᠬᠤ ᠡᠷᠬᠡ ᠪᠠᠨ ᠲᠠᠷᠢᠶᠠᠴᠢᠳ ᠲᠤ ᠲᠤᠰᠢᠶᠠᠵᠤ᠂ ᠲᠠᠷᠢᠶᠠᠴᠢᠳ ᠠᠴᠠ ᠰᠣᠩᠭᠤᠬᠤ ᠠᠴᠠ ᠪᠢᠰᠢ ᠲᠠᠷᠢᠶᠠᠴᠢᠳ ᠢ ᠣᠷᠣᠯᠠᠵᠤ | ᠰᠣᠩᠭᠤᠬᠤ ᠦᠭᠡᠢ᠃ ᠬᠤᠲᠠ ᠳᠤ ᠡᠷᠦᠭᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ | ᠬᠤᠲᠠ ᠳᠤ ᠡᠷᠦᠭᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠭᠠᠵᠠᠷ ᠰᠢᠷᠣᠢ ᠳᠠᠭᠠᠭᠠᠴᠢᠯᠠᠬᠤ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ | ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ | ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | | |