ᠮᠠᠯᠵᠢᠬᠤ ᠲᠠᠷᠢᠶᠠᠯᠠᠬᠤ ᠡᠷᠦᠭᠡ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ  ᠲᠦᠷᠭᠡᠪᠴᠢᠯᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2025/2/17
       ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠠᠴᠠ  ᠭᠤᠣᠯᠳᠠᠯᠭ᠎ᠠ ᠲᠠᠢ ᠠᠬᠢᠭᠤᠯᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ᠎ᠠ᠃ ᠡᠭᠦᠨ ᠤ ᠵᠣᠷᠢᠯᠭ᠎ᠠ ᠨᠢ ᠠᠯᠢ ᠣᠯᠠᠨ ᠠᠷᠭ᠎ᠠ ᠬᠡᠮᠵᠢᠶ᠎ᠡ ᠪᠠᠷ  ᠳᠠᠮᠵᠢᠭᠤᠯᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠤᠯᠠᠮ ᠠᠴᠠ  ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠪᠠ ᠣᠷᠣᠯᠭ᠎ᠠ ᠶᠢᠨ ᠨᠡᠮᠡᠭᠳᠡᠯ ᠢ ᠳᠡᠭᠡᠭᠰᠢᠯᠡᠭᠦᠯᠭᠦ ᠶᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ ᠠᠴᠠ  ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠲᠣᠳᠣᠷᠬᠠᠢ ᠬᠥᠭᠵᠢᠯᠲᠡ ᠶᠢᠨ ᠲᠥᠯᠦᠪᠵᠢᠭᠦᠯᠭᠡ ᠲᠣᠭᠲᠠᠭᠠᠨ᠂ ᠠᠮᠢ ᠠᠬᠤᠢ ᠶᠢ ᠤᠷᠢᠳ ᠢᠶᠠᠷ  ᠪᠣᠳᠣᠯᠬᠢᠯᠠᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠵᠤ᠂ ᠲᠠᠷᠢᠶᠠᠯᠠᠩ ᠮᠠᠯ ᠠᠵᠤ ᠠᠬᠤᠢ ᠪᠣᠯᠣᠨ ᠲᠠᠷᠢᠶᠠᠯᠠᠬᠤ ᠮᠠᠯᠵᠢᠬᠤ ᠣᠷᠣᠨ ᠤ  ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠢ ᠴᠢᠬᠤᠯᠠᠴᠢᠯᠠᠪᠠ᠃ ᠪᠣᠳᠠᠲᠠᠢ ᠪᠠᠷ ᠬᠡᠯᠡᠪᠡᠯ᠂ ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ  ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠯᠢᠳᠡᠭ ᠡᠭᠦᠯᠳᠡᠷ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠨᠡᠷᠡᠲᠦ ᠲᠡᠮᠳᠡᠭᠲᠦ ᠶᠢ ᠪᠤᠢ ᠪᠤᠯᠭᠠᠬᠤ ᠪᠠ  ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠪᠣᠯᠣᠨ ᠥᠷᠢᠰᠦᠯᠳᠦᠬᠦ ᠬᠦᠴᠦᠨ ᠢ  ᠪᠦᠭᠦ ᠲᠠᠯ᠎ᠠ ᠪᠠᠷ ᠳᠡᠭᠡᠭᠰᠢᠯᠡᠭᠦᠯᠭᠦ ᠪᠣᠯᠣᠨ᠎ᠠ᠃        ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠠᠯᠢ ᠣᠯᠠᠨ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠣᠯᠣᠨ ᠠᠵᠤ ᠠᠬᠤᠶᠢᠯᠠᠯ ᠤᠨ ᠬᠢᠷᠢ ᠬᠡᠮᠵᠢᠶ᠎ᠡ ᠶᠢ  ᠳᠡᠭᠡᠭᠰᠢᠯᠡᠭᠦᠯᠪᠡ᠃ ᠡᠳᠡᠭᠡᠷ ᠲᠥᠷᠥ ᠶᠢᠨ ᠪᠣᠳᠣᠯᠭ᠎ᠠ ᠳᠤ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠲᠤᠯᠭᠠᠭᠤᠷᠢᠯᠠᠯ ᠢ ᠴᠢᠩᠭᠠᠷᠠᠭᠤᠯᠬᠤ᠂ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠵᠡᠷᠭᠡ ᠶᠢ ᠪᠠᠭᠲᠠᠭᠠᠵᠠᠢ᠃ ᠣᠳᠣᠬᠠᠨ ᠳᠤ᠂ ᠬᠡᠳᠦᠶᠢᠪᠡᠷ  ᠵᠣᠬᠢᠬᠤ  ᠬᠡᠮᠵᠢᠶᠡᠨ ᠤ ᠦᠷ᠎ᠡ ᠪᠦᠲᠦᠮᠵᠢ ᠣᠯᠣᠭᠰᠠᠨ ᠪᠤᠯᠪᠠᠴᠤ᠂ ᠥᠪᠥᠷ ᠮᠣᠩᠭᠤᠯ ᠤᠨ ᠡᠬᠢ ᠪᠠᠶᠠᠯᠢᠭ ᠤᠨ ᠬᠠᠳᠠᠭᠠᠯᠠᠮᠵᠢ ᠶᠢᠨ ᠬᠡᠮᠵᠢᠶ᠎ᠡ ᠬᠢᠭᠡᠳ ᠤᠯᠤᠰ ᠤᠨ ᠴᠢᠬᠤᠯᠠ  ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠬᠠᠷᠢᠴᠠᠭᠤᠯᠪᠠᠯ᠂  ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠮᠥᠨ ᠬᠦ ᠤᠯᠠᠮ ᠨᠢᠭᠡ ᠠᠯᠬᠤᠮ ᠳᠡᠭᠡᠭᠰᠢᠯᠡᠭᠦᠯᠭᠦ ᠴᠢᠬᠤᠯᠠ ᠲᠠᠢ ᠪᠠᠶᠢᠨ᠎ᠠ᠃        ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠣᠨᠣᠰᠢᠯᠠᠯᠲᠠ ᠬᠢᠭᠡᠳ ᠵᠢᠷᠤᠭ ᠲᠥᠯᠥᠪᠯᠡᠭᠡ ᠶᠢᠨ  ᠲᠤᠬᠠᠢ        ᠡᠨᠡ ᠨᠢ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠢ  ᠪᠠᠶᠢᠭᠤᠯᠬᠤ ᠶᠢᠨ ᠣᠨᠣᠯ ᠤᠨ ᠦᠨᠳᠦᠰᠦᠯᠡᠯ ᠤᠨ ᠨᠢᠭᠡ ᠪᠣᠯᠣᠨ᠎ᠠ᠃ ᠪᠣᠳᠠᠲᠠᠢ ᠪᠠᠷ ᠬᠡᠯᠡᠪᠡᠯ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠣᠷᠴᠢᠨ  ᠲᠣᠭᠤᠷᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠡᠬᠢ ᠪᠠᠶᠠᠯᠢᠭ ᠢ ᠠᠰᠢᠭᠯᠠᠬᠤ ᠵᠢᠴᠢ ᠦᠢᠯᠡᠳᠪᠦᠷᠢᠯᠡᠯ ᠤᠨ ᠰᠢᠢᠳᠪᠦᠷᠢᠲᠦ ᠪᠣᠳᠣᠯᠭ᠎ᠠ  ᠲᠣᠭᠲᠠᠭᠠᠬᠤ ᠶᠢᠨ ᠶᠡᠷᠦᠩᠬᠡᠶᠢᠯᠡᠭᠰᠡᠨ ᠵᠠᠳᠠᠯᠤᠯᠲᠠ ᠪᠠᠭᠲᠠᠨ᠎ᠠ᠃        ᠨᠢᠭᠡ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠬᠢᠭᠡᠳ ᠡᠵᠡᠩᠨᠡᠯᠲᠡ ᠶᠢᠨ ᠣᠶᠢᠯᠠᠭᠠᠭᠳᠠᠬᠤᠨ ᠢ ᠰᠤᠳᠤᠯᠤᠨ  ᠮᠠᠭᠠᠳᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠳᠤ ᠪᠠᠶᠢᠭᠠᠯᠢ ᠶᠢᠨ ᠣᠷᠴᠢᠨ ᠲᠣᠭᠤᠷᠢᠨ᠂ ᠨᠡᠶᠢᠭᠡᠮ ᠠᠵᠤ  ᠠᠬᠤᠢ ᠶᠢᠨ ᠣᠷᠴᠢᠨ ᠲᠣᠭᠤᠷᠢᠨ ᠪᠣᠯᠣᠨ ᠮᠡᠷᠭᠡᠵᠢᠯ ᠤᠨ ᠣᠷᠴᠢᠨ ᠲᠣᠭᠤᠷᠢᠨ ᠪᠠᠭᠲᠠᠨ᠎ᠠ᠃ ᠲᠠᠷᠢᠶᠠᠯᠠᠬᠤ ᠮᠠᠯᠵᠢᠬᠤ ᠡᠷᠦᠭᠡ ᠡᠳᠡᠭᠡᠷ ᠣᠷᠴᠢᠨ ᠲᠣᠭᠤᠷᠢᠨ ᠤ  ᠬᠦᠴᠦᠨ ᠵᠦᠢᠯ ᠢ ᠦᠨᠳᠦᠰᠦᠯᠡᠨ ᠵᠣᠬᠢᠴᠠᠩᠭᠤᠢ ᠡᠵᠡᠩᠨᠡᠯᠲᠡ ᠶᠢᠨ ᠠᠷᠭ᠎ᠠ ᠪᠣᠳᠣᠯᠭ᠎ᠠ ᠪᠣᠯᠣᠨ ᠲᠥᠯᠥᠪᠯᠡᠭᠡ ᠲᠣᠭᠲᠠᠭᠠᠬᠤ ᠬᠡᠷᠡᠭᠲᠡᠢ᠃ ᠲᠠᠷᠢᠶᠠᠯᠠᠬᠤ ᠮᠠᠯᠵᠢᠬᠤ  ᠡᠷᠦᠭᠡ ᠶᠢᠨ ᠡᠵᠡᠩᠨᠡᠯᠲᠡ ᠶᠢᠨ ᠦᠵᠡᠯ ᠤᠬᠠᠮᠰᠠᠷ ᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠦᠷ᠎ᠡ ᠠᠰᠢᠭ ᠪᠣᠯᠣᠨ ᠦᠷᠭᠦᠯᠵᠢᠯᠡᠨ  ᠬᠥᠭᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃        ᠬᠤᠶᠠᠷ ᠲᠤ᠂ ᠲᠠᠷᠢᠶᠠᠯᠠᠬᠤ ᠮᠠᠯᠵᠢᠬᠤ ᠡᠷᠦᠭᠡ ᠶᠢᠨ ᠵᠠᠬ᠎ᠠ ᠳᠡᠯᠭᠡᠭᠦᠷ ᠢ ᠪᠠᠶᠢᠴᠠᠭᠠᠬᠤ ᠪᠠ ᠡᠵᠡᠩᠨᠡᠯᠲᠡ ᠶᠢ ᠲᠥᠰᠥᠭᠡᠯᠡᠬᠦ ᠴᠢᠳᠠᠪᠤᠷᠢ ᠶᠢ ᠰᠤᠳᠤᠯᠤᠨ  ᠮᠠᠭᠠᠳᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠪᠠᠶᠢᠴᠠᠭᠠᠯᠲᠠ ᠪᠣᠯ ᠲᠠᠷᠢᠶᠠᠯᠠᠬᠤ ᠮᠠᠯᠵᠢᠬᠤ ᠡᠷᠦᠭᠡ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ  ᠴᠢᠬᠤᠯᠠ ᠵᠠᠩᠭᠢᠯᠠᠭ᠎ᠠ ᠪᠠᠶᠢᠵᠤ᠂ ᠵᠠᠬ᠎ᠠ ᠳᠡᠯᠭᠡᠭᠦᠷ ᠢᠶᠠᠷ ᠳᠠᠮᠵᠢᠨ ᠬᠡᠷᠡᠭᠯᠡᠭᠴᠢᠳ ᠤᠨ ᠠᠵᠢᠯᠯᠠᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠣᠨ  ᠥᠷᠢᠰᠦᠯᠳᠦᠬᠦ ᠡᠲᠡᠭᠡᠳ ᠤᠨ ᠪᠠᠶᠢᠳᠠᠯ ᠢ ᠪᠠᠶᠢᠴᠠᠭᠠᠨ ᠣᠶᠢᠯᠠᠭᠠᠵᠤ ᠪᠣᠯᠣᠨ᠎ᠠ᠃ ᠡᠵᠡᠩᠨᠡᠯᠲᠡ ᠶᠢᠨ ᠲᠥᠰᠥᠭᠡᠯᠡᠯ ᠨᠢ ᠲᠠᠷᠢᠶᠠᠯᠠᠬᠤ ᠮᠠᠯᠵᠢᠬᠤ ᠡᠷᠦᠭᠡ ᠶᠢ ᠬᠠᠪᠰᠤᠷᠤᠨ  ᠢᠷᠡᠭᠡᠳᠦᠢ ᠶᠢᠨ ᠵᠠᠬ᠎ᠠ ᠳᠡᠯᠭᠡᠭᠦᠷ ᠤᠨ ᠬᠠᠨᠳᠤᠰᠢ ᠶᠢ ᠦᠨᠡᠯᠡᠨ ᠵᠢᠱᠢᠭᠦᠯᠵᠦ᠂ ᠤᠷᠲᠤ ᠬᠤᠭᠤᠴᠠᠭᠠᠨ ᠤ ᠪᠠ ᠣᠬᠤᠷ ᠬᠤᠭᠤᠴᠠᠭᠠᠨ ᠤ ᠦᠢᠯᠡᠳᠪᠦᠷᠢᠯᠡᠯ ᠤᠨ  ᠲᠥᠯᠥᠪᠯᠡᠭᠡ ᠲᠣᠭᠲᠠᠭᠠᠯᠭᠠᠬᠤ ᠪᠣᠯᠣᠨ᠎ᠠ᠃        ᠭᠤᠷᠪᠠ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠪᠠ ᠲᠥᠯᠥᠪᠯᠡᠭᠡ ᠶᠢ ᠰᠤᠳᠤᠯᠤᠨ ᠮᠠᠭᠠᠳᠯᠠᠬᠤ ᠬᠡᠷᠡᠭᠲᠡᠢ᠃  ᠲᠠᠷᠢᠶᠠᠯᠠᠬᠤ ᠮᠠᠯᠵᠢᠬᠤ ᠡᠷᠦᠭᠡ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠣᠨ ᠲᠤᠰ  ᠪᠡᠶ᠎ᠡ ᠶᠢᠨ ᠨᠥᠬᠦᠴᠡᠯ ᠳᠡᠭᠡᠨ ᠰᠠᠭᠤᠷᠢᠯᠠᠨ᠂ ᠡᠬᠢ ᠪᠠᠶᠠᠯᠢᠭ ᠢᠶᠠᠨ ᠵᠦᠢ ᠵᠣᠬᠢᠰᠲᠠᠢ ᠠᠰᠢᠭᠯᠠᠵᠤ᠂ ᠡᠵᠡᠩᠨᠡᠯᠲᠡ ᠶᠢᠨ ᠬᠠᠷᠠᠯᠲᠠ ᠶᠢᠨ ᠪᠡᠶᠡᠯᠡᠭᠳᠡᠬᠦ ᠶᠢ ᠦᠨᠡᠨ ᠬᠦ  ᠪᠠᠲᠤᠯᠠᠬᠤ ᠬᠡᠷᠡᠭᠲᠡᠢ᠃ ᠲᠠᠷᠢᠶᠠᠯᠠᠬᠤ ᠮᠠᠯᠵᠢᠬᠤ ᠡᠷᠦᠭᠡ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ ᠤᠷᠲᠤ ᠬᠤᠭᠤᠴᠠᠭᠠᠨ ᠤ ᠲᠥᠯᠥᠪᠯᠡᠭᠡ  ᠲᠣᠭᠲᠠᠭᠠᠬᠤ ᠶᠢᠨ ᠬᠠᠮᠲᠤ ᠣᠷᠴᠢᠨ ᠲᠣᠭᠤᠷᠢᠨ ᠢ ᠵᠠᠳᠠᠯᠬᠤ᠂ ᠠᠩᠬᠠᠨ ᠤ ᠲᠡᠮᠳᠡᠭᠯᠡᠯ ᠬᠢᠬᠦ ᠪᠠ ᠨᠣᠷᠮ᠎ᠠ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃        ᠳᠥᠷᠪᠡ ᠳᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠶᠢᠭᠠᠯᠢ ᠶᠢᠨ ᠰᠢᠨᠵᠢ ᠴᠢᠨᠠᠷ ᠪᠣᠯᠣᠨ ᠡᠵᠡᠩᠨᠡᠯᠲᠡ ᠶᠢᠨ ᠱᠠᠭᠠᠷᠳᠠᠯᠭ᠎ᠠ ᠶᠢ  ᠰᠤᠳᠤᠯᠤᠨ ᠮᠠᠭᠠᠳᠯᠠᠬᠤ ᠬᠡᠷᠡᠭᠲᠡᠢ᠃ ᠵᠢᠱᠢᠶᠡᠯᠡᠪᠡᠯ ᠠᠮᠢᠳᠤ ᠰᠣᠷᠭᠤᠭ ᠮᠠᠯ ᠲᠠᠷᠢᠶᠠᠯᠠᠩ ᠤᠨ ᠪᠦᠲᠦᠭᠡᠭᠳᠡᠬᠦᠨ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ  ᠵᠡᠷᠭᠡ ᠳᠤ ᠠᠳᠠᠯᠢ ᠪᠤᠰᠤ ᠡᠵᠡᠩᠨᠡᠯᠲᠡ ᠶᠢᠨ ᠠᠷᠭ᠎ᠠ ᠪᠣᠳᠣᠯᠭ᠎ᠠ ᠪᠠ ᠬᠠᠮᠢᠶᠠᠷᠤᠯᠲᠠ ᠶᠢᠨ ᠠᠷᠭ᠎ᠠ ᠶᠢ ᠱᠠᠭᠠᠷᠳᠠᠳᠠᠭ᠃ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ  ᠪᠦᠲᠦᠭᠡᠭᠳᠡᠬᠦᠨ ᠤ ᠡᠵᠡᠩᠨᠡᠯᠲᠡ ᠨᠢ ᠬᠠᠷᠢᠨ ᠣᠯᠠᠨ ᠨᠡᠶᠢᠲᠡ ᠳᠤ ᠬᠤᠣᠷ ᠦᠭᠡᠢ ᠪᠤᠯᠭᠠᠬᠤ ᠪᠠ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ ᠶᠢ ᠴᠢᠬᠤᠯᠠᠴᠢᠯᠠᠬᠤ  ᠬᠡᠷᠡᠭᠲᠡᠢ᠃        ᠲᠠᠪᠤ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠰᠤᠳᠤᠯᠤᠨ ᠮᠠᠭᠠᠳᠯᠠᠬᠤ ᠬᠡᠷᠡᠭᠲᠡᠢ᠃  ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢ ᠵᠣᠬᠢᠶᠠᠨ ᠪᠠᠶᠢᠭᠤᠯᠣᠯᠴᠢᠯᠠᠭᠤᠯᠬᠤ ᠪᠣᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ  ᠪᠦᠲᠦᠮᠵᠢ ᠶᠢ ᠳᠡᠭᠡᠭᠰᠢᠯᠡᠭᠦᠯᠭᠦ ᠴᠢᠬᠤᠯᠠ ᠠᠷᠭ᠎ᠠ ᠵᠠᠮ ᠪᠣᠯᠣᠨ᠎ᠠ᠃ ᠲᠠᠷᠢᠶᠠᠯᠠᠬᠤ ᠮᠠᠯᠵᠢᠬᠤ ᠡᠷᠦᠭᠡ ᠬᠤᠯᠪᠤᠭᠠᠯᠠᠨ ᠬᠤᠷᠰᠢᠭᠰᠠᠨ ᠡᠵᠡᠩᠨᠡᠯᠲᠡ ᠬᠢᠬᠦ ᠪᠠᠷ  ᠳᠠᠮᠵᠢᠭᠤᠯᠤᠨ᠂ ᠪᠠᠭ᠎ᠠ ᠬᠡᠪᠴᠢᠶᠡᠨ ᠤ ᠲᠠᠷᠠᠬᠠᠢ ᠡᠵᠡᠩᠨᠡᠯᠲᠡ ᠶᠢᠨ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠲᠤᠰᠬᠠᠶᠢᠵᠢᠭᠰᠠᠨ᠂ ᠬᠡᠪᠴᠢᠶᠡᠵᠢᠭᠰᠡᠨ ᠡᠵᠡᠩᠨᠡᠯᠲᠡ ᠶᠢ  ᠪᠡᠶᠡᠯᠡᠭᠦᠯᠬᠦ ᠬᠡᠷᠡᠭᠲᠡᠢ᠃ ᠡᠨᠡ ᠬᠦ ᠵᠣᠬᠢᠶᠠᠨ ᠪᠠᠶᠢᠭᠤᠯᠤᠯᠴᠢᠯᠠᠯᠳᠠ ᠨᠢ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠭᠦ ᠳᠤ ᠠᠰᠢᠭᠲᠠᠢ ᠪᠠᠷ ᠪᠠᠷᠠᠬᠤ ᠦᠭᠡᠢ  ᠪᠠᠰᠠ ᠲᠠᠷᠢᠶᠠᠯᠠᠬᠤ ᠮᠠᠯᠵᠢᠬᠤ ᠡᠷᠦᠭᠡ ᠶᠢᠨ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠨᠡᠮᠡᠭᠳᠡᠭᠦᠯᠵᠦ ᠴᠢᠳᠠᠨ᠎ᠠ᠃ ᠲᠠᠷᠢᠶᠠᠯᠠᠬᠤ ᠮᠠᠯᠵᠢᠬᠤ ᠡᠷᠦᠭᠡ ᠶᠢᠨ  ᠵᠣᠬᠢᠶᠠᠨ ᠪᠠᠶᠢᠭᠤᠯᠣᠯᠴᠢᠯᠠᠬᠰᠠᠨ ᠬᠡᠮᠵᠢᠶ᠎ᠡ ᠪᠣᠯᠣᠨ ᠬᠠᠷᠢᠯᠴᠠᠨ ᠬᠤᠯᠪᠣᠭᠳᠠᠬᠤ ᠬᠡᠮᠵᠢᠶ᠎ᠡ ᠪᠣᠯ ᠡᠵᠡᠩᠨᠡᠯᠲᠡ ᠶᠢᠨ ᠲᠦᠭᠰᠢᠭᠦᠷᠢ ᠶᠢ ᠬᠡᠮᠵᠢᠬᠦ ᠴᠢᠬᠤᠯᠠ ᠭᠦᠢᠴᠡᠳᠬᠡᠬᠦ  ᠲᠤᠭ᠎ᠠ ᠶᠢᠨ ᠨᠢᠭᠡ ᠪᠣᠯᠣᠨ᠎ᠠ᠃        ᠵᠢᠷᠭᠤᠭ᠎ᠠ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠭᠡᠷ᠎ᠡ ᠶᠢᠨ ᠲᠤᠭ᠎ᠠ ᠬᠢᠭᠡᠳ ᠠᠭᠤᠯᠭ᠎ᠠ ᠶᠢ ᠰᠤᠳᠤᠯᠤᠨ ᠮᠠᠭᠠᠳᠯᠠᠬᠤ ᠬᠡᠷᠡᠭᠲᠡᠢ᠃  ᠲᠠᠷᠢᠶᠠᠯᠠᠬᠤ ᠮᠠᠯᠵᠢᠬᠤ ᠡᠷᠦᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠳᠡᠭᠡᠨ ᠶᠡᠷᠦ ᠳᠡᠭᠡᠨ ᠭᠡᠷ᠎ᠡ ᠲᠣᠭᠲᠠᠵᠤ ᠡᠯ᠎ᠡ ᠲᠠᠯ᠎ᠠ ᠶᠢᠨ ᠡᠷᠬᠡ ᠪᠠ  ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠢ᠃ ᠭᠡᠷ᠎ᠡ ᠲᠣᠭᠲᠠᠭᠰᠠᠨ ᠲᠤᠭ᠎ᠠ ᠪᠣᠯᠣᠨ ᠠᠭᠤᠯᠭ᠎ᠠ ᠨᠢ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ  ᠣᠶᠢᠯᠠᠭᠠᠭᠳᠠᠬᠤᠨ ᠪᠣᠯᠣᠨ ᠡᠵᠡᠩᠨᠡᠯᠲᠡ ᠶᠢᠨ ᠲᠦᠭᠰᠢᠭᠦᠷᠢ ᠶᠢᠨ ᠰᠢᠯᠵᠢᠯᠲᠡ ᠳᠤ ᠰᠢᠭᠤᠳ ᠬᠠᠷᠢᠭᠤ ᠲᠤᠰᠬᠠᠯ ᠪᠣᠯᠣᠨ᠎ᠠ᠃        ᠳᠣᠯᠤᠭ᠎ᠠ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠳᠤᠮᠳᠠᠬᠢ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠮᠠᠰᠢᠨ ᠮᠧᠬᠠᠨᠢᠭ ᠢ ᠬᠡᠷᠡᠭᠯᠡᠬᠦ ᠶᠠᠪᠤᠳᠠᠯ ᠪᠣᠯ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ  ᠪᠦᠲᠦᠭᠡᠯ ᠢ ᠳᠡᠭᠡᠭᠰᠢᠯᠡᠭᠦᠯᠭᠦ ᠶᠢᠨ ᠵᠠᠩᠭᠢᠯᠠᠭ᠎ᠠ ᠮᠥᠨ᠃ ᠲᠠᠷᠢᠶᠠᠯᠠᠬᠤ ᠮᠠᠯᠵᠢᠬᠤ ᠡᠷᠦᠭᠡ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠬᠦ  ᠬᠡᠷᠡᠭᠲᠡᠢ᠂ ᠵᠢᠱᠢᠶᠡᠯᠡᠪᠡᠯ ᠨᠠᠷᠢᠯᠢᠭ ᠣᠨᠣᠪᠴᠢᠲᠠᠢ ᠲᠠᠷᠢᠶᠠᠯᠠᠩ᠂ ᠣᠶᠤᠨᠴᠢᠯᠠᠭᠰᠠᠨ ᠲᠠᠷᠢᠶᠠᠯᠠᠩ ᠵᠡᠷᠭᠡ ᠪᠠᠶᠢᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠣᠯᠣᠨ  ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃        ᠨᠠᠢᠮᠠ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠳᠤᠮᠳᠠᠬᠢ ᠲᠦᠭᠰᠢᠭᠦᠷᠢ ᠶᠢ ᠡᠵᠡᠮᠳᠡᠬᠦ ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃  ᠲᠠᠷᠢᠶᠠᠯᠠᠬᠤ ᠮᠠᠯᠵᠢᠬᠤ ᠡᠷᠦᠭᠡ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠵᠠᠬ᠎ᠠ ᠳᠡᠯᠭᠡᠭᠦᠷ ᠤᠨ ᠲᠦᠭᠰᠢᠭᠦᠷᠢ᠂ ᠪᠠᠶᠢᠭᠠᠯᠢ ᠶᠢᠨ ᠭᠠᠮᠰᠢᠭ ᠤᠨ ᠲᠦᠭᠰᠢᠭᠦᠷᠢ  ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠲᠦᠭᠰᠢᠭᠦᠷᠢ ᠳᠤ ᠲᠤᠯᠭᠠᠷᠠᠵᠤ ᠪᠠᠶᠢᠳᠠᠭ᠃ ᠡᠶᠢᠮᠦ ᠠᠴᠠ᠂ ᠲᠠᠷᠢᠶᠠᠯᠠᠬᠤ ᠮᠠᠯᠵᠢᠬᠤ ᠡᠷᠦᠭᠡ ᠲᠦᠭᠰᠢᠭᠦᠷᠢ ᠶᠢ ᠰᠡᠷᠭᠡᠶᠢᠯᠡᠨ  ᠬᠢᠵᠠᠭᠠᠷᠯᠠᠬᠤ ᠪᠦᠲᠦᠮᠵᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠳᠠᠯᠳᠠ ᠬᠤᠬᠢᠷᠠᠯ ᠢᠶᠠᠨ ᠪᠠᠭᠠᠰᠬᠠᠬᠤ ᠬᠡᠷᠡᠭᠲᠡᠢ᠃        ᠶᠢᠰᠦ ᠳᠤ᠂ ᠮᠠᠯᠵᠢᠬᠤ ᠲᠠᠷᠢᠶᠠᠯᠠᠬᠤ ᠡᠷᠦᠭᠡ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠᠬᠢ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠵᠢᠴᠢ  ᠴᠢᠳᠠᠪᠤᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠪᠣᠯ  ᠲᠠᠷᠢᠶᠠᠯᠠᠬᠤ ᠮᠠᠯᠵᠢᠬᠤ ᠡᠷᠦᠭᠡ ᠶᠢᠨ ᠣᠷᠣᠯᠭ᠎ᠠ ᠶᠢ ᠳᠡᠭᠡᠭᠰᠢᠯᠡᠭᠦᠯᠭᠦ ᠴᠢᠬᠤᠯᠠ ᠠᠷᠭ᠎ᠠ ᠪᠠᠷᠢᠯ ᠪᠣᠯᠣᠨ᠎ᠠ᠃ ᠮᠠᠯᠵᠢᠬᠤ ᠲᠠᠷᠢᠶᠠᠯᠠᠬᠤ ᠡᠷᠦᠭᠡ ᠨᠡᠷᠡᠲᠦ ᠲᠥᠷᠥᠯ  ᠲᠡᠮᠳᠡᠭᠲᠦ ᠶᠢᠨ ᠪᠠᠶᠢᠭᠤᠯᠤᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠷᠣᠯᠠᠭᠤᠯᠬᠤ ᠠᠷᠭ᠎ᠠ ᠵᠠᠮ ᠢᠶᠠᠨ  ᠥᠷᠭᠡᠳᠬᠡᠵᠦ᠂ ᠦᠢᠯᠡᠳᠬᠦᠨ ᠤ ᠨᠡᠮᠡᠯᠲᠡ ᠥᠷᠲᠡᠭ ᠢᠶᠠᠨ ᠳᠡᠭᠡᠭᠰᠢᠯᠡᠭᠦᠯᠵᠦ ᠪᠣᠯᠣᠨ᠎ᠠ᠃        ᠠᠷᠪᠠ ᠳᠤ᠂ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠠᠵᠢᠯᠯᠠᠭ᠎ᠠ ᠳᠤᠮᠳᠠᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ  ᠰᠤᠳᠤᠯᠤᠨ ᠮᠠᠭᠠᠳᠯᠠᠬᠤ ᠬᠡᠷᠡᠭᠲᠡᠢ᠃ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠲᠥᠷᠥ ᠶᠢᠨ ᠪᠣᠳᠣᠯᠭ᠎ᠠ ᠨᠢ ᠲᠠᠷᠢᠶᠠᠯᠠᠬᠤ ᠮᠠᠯᠵᠢᠬᠤ  ᠡᠷᠦᠭᠡ ᠶᠢᠨ ᠡᠵᠡᠩᠨᠡᠯᠲᠡ ᠳᠤ ᠴᠢᠬᠤᠯᠠ ᠨᠥᠯᠥᠭᠡ ᠦᠵᠡᠭᠦᠯᠵᠦ ᠪᠠᠶᠢᠳᠠᠭ᠃ ᠲᠠᠷᠢᠶᠠᠯᠠᠬᠤ ᠮᠠᠯᠵᠢᠬᠤ ᠡᠷᠦᠭᠡ ᠤᠯᠤᠰ ᠤᠨ  ᠬᠠᠩᠭᠠᠭᠰᠠᠨ ᠲᠠᠷᠢᠶᠠᠯᠠᠩ ᠮᠠᠯ ᠠᠵᠤ  ᠠᠬᠤᠢ ᠶᠢᠨ ᠨᠥᠬᠦᠪᠦᠷᠢ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠡᠵᠡᠩᠨᠡᠯᠲᠡ ᠶᠢᠨ  ᠳᠠᠷᠤᠭᠠᠰᠤ ᠪᠠᠨ ᠬᠥᠩᠭᠡᠷᠡᠭᠦᠯᠬᠦ ᠶᠢᠨ ᠬᠠᠮᠲᠤ ᠠᠰᠢᠭ ᠣᠯᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃        ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠤᠨ  ᠲᠤᠬᠠᠢ        ᠮᠡᠷᠭᠡᠵᠢᠯ ᠤᠨ ᠠᠷᠭ᠎ᠠ ᠬᠢᠭᠡᠳ ᠣᠨᠣᠯ ᠤᠨ ᠠᠷᠭ᠎ᠠ ᠶᠢ ᠬᠡᠷᠬᠢᠨ ᠠᠰᠢᠭᠯᠠᠬᠤ ᠶᠢ ᠭᠤᠣᠯᠳᠠᠯᠭ᠎ᠠ ᠲᠠᠢ ᠰᠤᠳᠤᠯᠵᠤ᠂ ᠲᠠᠷᠢᠶᠠᠯᠠᠬᠤ ᠮᠠᠯᠵᠢᠬᠤ ᠡᠷᠦᠭᠡ ᠶᠢᠨ  ᠡᠵᠡᠩᠨᠡᠯᠲᠡ ᠶᠢᠨ ᠲᠦᠭᠰᠢᠭᠦᠷᠢ ᠶᠢ ᠬᠢᠨᠠᠨ ᠬᠡᠮᠵᠢᠬᠦ ᠭᠦᠢᠴᠡᠳᠬᠡᠬᠦ ᠲᠤᠭ᠎ᠠ ᠶᠢᠨ ᠰᠢᠰᠲ᠋ᠧᠮ ᠢ ᠳᠠᠭᠢᠨ ᠴᠣᠭᠴᠠᠯᠠᠬᠤ ᠬᠡᠷᠡᠭᠲᠡᠢ᠃ ᠲᠠᠷᠢᠶᠠᠯᠠᠬᠤ  ᠮᠠᠯᠵᠢᠬᠤ ᠡᠷᠦᠭᠡ ᠶᠢᠨ  ᠦᠷᠭᠦᠯᠵᠢᠯᠡᠨ ᠡᠵᠡᠩᠨᠡᠬᠦ ᠶᠢ ᠨᠥᠯᠥᠭᠡᠯᠡᠬᠦ ︽ᠳᠣᠲᠣᠭᠠᠳᠤ ᠣᠷᠴᠢᠨ︾ ᠪᠣᠯᠣᠨ ︽ᠭᠠᠳᠠᠭᠠᠳᠤ ᠣᠷᠴᠢᠨ︾᠎ ᠢ ᠪᠦᠭᠦ ᠲᠠᠯ᠎ᠠ ᠪᠠᠷ ᠡᠮᠬᠢᠯᠡᠵᠦ᠂ ᠰᠢᠶᠠᠩ ᠲᠣᠰᠬᠤᠨ ᠤ  ᠣᠷᠣᠨ ᠵᠠᠢ ᠪᠠᠷ ᠲᠦᠰᠢᠭ ᠪᠤᠯᠭᠠᠬᠰᠠᠨ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠲᠦᠭᠰᠢᠭᠦᠷᠢ ᠶᠢ ᠦᠨᠡᠯᠡᠨ ᠵᠢᠱᠢᠬᠦ ᠭᠦᠢᠴᠡᠳᠬᠡᠬᠦ ᠲᠤᠭ᠎ᠠ ᠶᠢᠨ  ᠰᠢᠰᠲ᠋ᠧᠮ ᠢ ᠪᠠᠶᠢᠭᠤᠯᠤᠨ᠎ᠠ᠃ ︽ᠳᠣᠲᠣᠭᠠᠳᠤ ᠣᠷᠴᠢᠨ︾᠎ ᠳᠤ ᠡᠬᠢ ᠪᠠᠶᠠᠯᠢᠭ ᠤᠨ ᠬᠡᠮᠵᠢᠶ᠎ᠡ ︵ᠮᠡᠷᠭᠡᠵᠢᠯ᠂ ᠴᠢᠳᠠᠪᠤᠷᠢᠲᠠᠨ᠂ ᠭᠠᠵᠠᠷ ᠰᠢᠷᠣᠢ᠂ ᠮᠡᠳᠡᠭᠡ ᠵᠠᠩᠭᠢ᠂ ᠬᠥᠷᠥᠩᠭᠡ︶ ᠳᠣᠲᠣᠭᠠᠳᠤ ᠡᠵᠡᠩᠨᠡᠯᠲᠡ ᠶᠢᠨ ᠪᠦᠲᠦᠴᠡ ︵ᠡᠵᠡᠩᠨᠡᠯᠲᠡ ᠶᠢᠨ ᠠᠷᠭ᠎ᠠ ᠪᠣᠳᠣᠯᠭ᠎ᠠ ᠶᠢᠨ ᠲᠥᠯᠦᠪᠵᠢᠭᠦᠯᠭᠡ᠂ ᠡᠵᠡᠩᠨᠡᠯᠲᠡ ᠶᠢᠨ ᠭᠡᠯᠪᠡᠷᠢ᠂ ᠪᠡᠯᠡ ᠮᠥᠩᠭᠦ ᠶᠢᠨ  ᠬᠤᠪᠢᠶᠠᠷᠢᠯᠠᠯᠲᠠ᠂ ᠲᠡᠵᠢᠭᠡᠯ ᠪᠣᠷᠳᠤᠭ᠎ᠠ ᠶᠢᠨ ᠬᠤᠪᠢᠷᠠᠭᠤᠯᠤᠯᠲᠠ︶᠂ ᠬᠥᠷᠥᠩᠭᠡ ᠶᠢᠨ ᠬᠤᠷᠠᠮᠳᠤᠭᠤᠯᠤᠯ ︵ᠪᠡᠯᠡ ᠨᠡᠶᠢᠯᠡᠭᠦᠯᠬᠦ᠂ ᠵᠢᠭᠡᠯᠡᠯᠭᠡ᠂ ᠳᠠᠭᠠᠳᠬᠠᠯ)᠂  ᠡᠵᠡᠩᠨᠡᠯᠲᠡ ᠶᠢᠨ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ︵ᠪᠠᠶᠢᠭᠠᠯᠢ ᠪᠠ ᠵᠠᠬ᠎ᠠ ᠳᠡᠯᠭᠡᠭᠦᠷ ᠤᠨ ᠲᠦᠭᠰᠢᠭᠦᠷᠢ᠂ ᠳᠠᠭᠠᠳᠬᠠᠯ︶ ᠪᠠᠭᠲᠠᠨ᠎ᠠ᠃ ︽ᠭᠠᠳᠠᠭᠠᠳᠤ ᠣᠷᠴᠢᠨ︾᠎ ᠳᠤ ᠡᠵᠡᠩᠨᠡᠨ ᠪᠣᠷᠣᠯᠠᠭᠤᠯᠬᠤ ᠠᠷᠭ᠎ᠠ ᠵᠠᠮ᠂ ᠣᠷᠣᠨ ᠭᠠᠵᠠᠷ ᠤᠨ ᠲᠥᠷᠥ ᠶᠢᠨ ᠪᠣᠳᠣᠯᠭ᠎ᠠ᠂ ᠨᠡᠶᠢᠭᠡᠮᠴᠢᠯᠡᠭᠰᠡᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠣᠷᠴᠢᠨ  ᠲᠣᠭᠤᠷᠢᠨ ᠵᠡᠷᠭᠡ ᠪᠠᠭᠲᠠᠨ᠎ᠠ᠃ ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠲᠦᠭᠰᠢᠭᠦᠷᠢ ᠶᠢᠨ ᠲᠥᠷᠥᠯ ᠭᠡᠯᠪᠡᠷᠢ ᠶᠢ ᠢᠯᠭᠠᠨ ᠲᠠᠨᠢᠬᠤ ᠳᠤ ᠪᠠᠶᠢᠭᠠᠯᠢ ᠶᠢᠨ  ᠲᠦᠭᠰᠢᠭᠦᠷᠢ ︵ᠠᠭᠤᠷ ᠠᠮᠢᠰᠬᠤᠯ ᠤᠨ ᠬᠤᠪᠢᠷᠠᠯᠲᠠ᠂ ᠪᠠᠶᠢᠭᠠᠯᠢ ᠶᠢᠨ ᠭᠠᠮᠰᠢᠭ︶᠂ ᠵᠠᠬ᠎ᠠ ᠳᠡᠯᠭᠡᠭᠦᠷ ᠤᠨ ᠲᠦᠭᠰᠢᠭᠦᠷᠢ ︵ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ  ᠬᠠᠩᠰᠢ ᠶᠢᠨ ᠬᠡᠯᠪᠡᠯᠵᠡᠯ᠂ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠬᠤᠪᠢᠷᠠᠯᠲᠠ︶᠂ ᠮᠡᠷᠭᠡᠵᠢᠯ ᠤᠨ ᠲᠦᠭᠰᠢᠭᠦᠷᠢ ︵ᠲᠡᠵᠢᠭᠡᠨ ᠦᠷᠡᠵᠢᠭᠦᠯᠬᠦ ᠮᠡᠷᠭᠡᠵᠢᠯ ᠤᠨ  ᠪᠣᠯᠪᠠᠰᠤᠷᠠᠩᠭᠤᠢ ᠪᠤᠰᠤ ᠪᠤᠶᠤ ᠳᠤᠲᠠᠭᠳᠠᠯ︶᠂ ᠲᠥᠷᠥ ᠶᠢᠨ ᠪᠣᠳᠣᠯᠭ᠎ᠠ ᠶᠢᠨ ᠲᠦᠭᠰᠢᠭᠦᠷᠢ ︵ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂  ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠨᠥᠬᠦᠪᠦᠷᠢ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠬᠤᠪᠢᠷᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ  ᠲᠥᠷᠥ ᠶᠢᠨ ᠪᠣᠳᠣᠯᠭ᠎ᠠ︶᠂ ᠪᠡᠯᠡ ᠲᠣᠬᠢᠷᠠᠭᠤᠯᠬᠤ ᠲᠦᠭᠰᠢᠭᠦᠷᠢ ︵ᠪᠡᠯᠡ ᠲᠣᠬᠢᠷᠠᠭᠤᠯᠬᠤ ᠬᠦᠴᠢᠷ᠂ ᠠᠷᠭ᠎ᠠ ᠵᠠᠮ︶ ᠵᠡᠷᠭᠡ ᠪᠠᠭᠲᠠᠨ᠎ᠠ᠃        ᠲᠠᠷᠢᠶᠠᠯᠠᠬᠤ ᠮᠠᠯᠵᠢᠬᠤ ᠡᠷᠦᠭᠡ ᠶᠢᠨ ᠡᠵᠡᠩᠨᠡᠯᠲᠡ ᠶᠢᠨ ᠲᠦᠭᠰᠢᠭᠦᠷᠢ ᠶᠢᠨ ᠬᠠᠮᠢᠶᠠᠷᠤᠯᠲᠠ ᠬᠢᠭᠡᠳ ᠡᠵᠡᠩᠨᠡᠯᠲᠡ ᠶᠢᠨ ᠲᠦᠭᠰᠢᠭᠦᠷᠢ ᠶᠢ ᠠᠷᠢᠯᠭᠠᠬᠤ  ᠲᠣᠭᠲᠠᠴᠠ ᠶᠢᠨ ᠲᠤᠬᠠᠢ        ᠡᠨᠡ ᠪᠣᠯ ᠡᠵᠡᠩᠨᠡᠯᠲᠡ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠬᠠᠮᠢᠶᠠᠷᠤᠯᠲᠠ ᠶᠢᠨ ᠦᠷ᠎ᠡ ᠪᠦᠲᠦᠮᠵᠢ᠂ ᠡᠵᠡᠩᠨᠡᠯᠲᠡ ᠶᠢᠨ ᠲᠦᠭᠰᠢᠭᠦᠷᠢ ᠶᠢ  ᠬᠠᠮᠢᠶᠠᠷᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ ᠤᠷᠢᠳᠠᠯ ᠪᠠ ᠰᠠᠭᠤᠷᠢ ᠪᠣᠯᠣᠨ᠎ᠠ᠃ ᠡᠵᠡᠩᠨᠡᠯᠲᠡ ᠶᠢᠨ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ  ᠳ᠋ᠦᠩ ᠵᠢᠴᠢ ᠲᠦᠭᠰᠢᠭᠦᠷᠢ ᠶᠢᠨ ᠳᠡᠰ ᠢ ᠦᠨᠳᠦᠰᠦᠯᠡᠬᠦ ᠶᠢᠨ ᠬᠠᠮᠲᠤ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠲᠦᠭᠰᠢᠭᠦᠷᠢ ᠶᠢ ᠳᠠᠭᠠᠭᠠᠬᠤ  ᠴᠢᠳᠠᠪᠤᠷᠢ ᠵᠢᠴᠢ ᠬᠠᠮᠢᠶᠠᠷᠤᠯᠲᠠ ᠶᠢᠨ ᠲᠦᠪᠰᠢᠨ ᠢ ᠦᠨᠳᠦᠰᠦᠯᠡᠨ᠂ ᠵᠣᠬᠢᠴᠠᠩᠭᠤᠢ ᠰᠡᠷᠡᠮᠵᠢᠯᠡᠭᠦᠯᠦᠨ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃  ᠡᠵᠡᠩᠨᠡᠯᠲᠡ ᠶᠢᠨ ᠭᠤᠣᠯ ᠴᠣᠭᠴᠠ ᠳᠤ ᠡᠵᠡᠩᠨᠡᠯᠲᠡ ᠶᠢᠨ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠬᠢᠷᠠᠭᠤᠯᠵᠤ᠂  ᠡᠵᠡᠩᠨᠡᠯᠲᠡ ᠶᠢᠨ ᠲᠦᠭᠰᠢᠭᠦᠷᠢ ᠶᠢ ᠪᠦᠭᠦ ᠲᠠᠯ᠎ᠠ ᠪᠠᠷ᠂ ᠰᠢᠰᠲ᠋ᠧᠮ ᠲᠠᠢ᠂ ᠰᠡᠷᠭᠡᠶᠢᠯᠡᠬᠦ ᠴᠢᠨᠠᠷᠲᠠᠢ ᠬᠠᠮᠢᠶᠠᠷᠤᠯᠲᠠ ᠪᠠ ᠮᠥᠷᠳᠡᠯᠲᠡ ᠬᠢᠵᠦ᠂ ᠡᠵᠡᠩᠨᠡᠯᠲᠡ ᠶᠢᠨ ᠪᠡᠶᠡᠴᠢ  ᠴᠣᠭᠴᠠ ᠶᠢ ᠡᠵᠡᠩᠨᠡᠯᠲᠡ ᠶᠢᠨ ᠬᠤᠬᠢᠷᠠᠯ ᠠᠴᠠ ᠵᠠᠶᠢᠯᠠᠭᠤᠯᠤᠨ ᠪᠠᠭᠠᠰᠬᠠᠵᠤ᠂ ᠡᠵᠡᠩᠨᠡᠯᠲᠡ ᠶᠢᠨ ᠲᠦᠭᠰᠢᠭᠦᠷᠢ ᠶᠢ ᠠᠷᠢᠯᠭᠠᠬᠤ ᠦᠷ᠎ᠡ ᠪᠦᠲᠦᠮᠵᠢ ᠳᠤ ᠬᠦᠷᠭᠡᠵᠦ᠂  ᠡᠵᠡᠩᠨᠡᠯᠲᠡ ᠶᠢᠨ ᠭᠤᠣᠯ ᠴᠣᠭᠴᠠ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠬᠤ ᠶᠢᠨ ᠲᠥᠯᠥᠭᠡ ᠶᠤᠮ᠃ ᠲᠤᠬᠠᠢ ᠶᠢᠨ ᠭᠠᠵᠠᠷ ᠣᠷᠣᠨ ᠤ  ᠪᠠᠶᠢᠳᠠᠯ ᠳᠤᠨᠢ ᠲᠣᠬᠢᠷᠠᠭᠤᠯᠤᠨ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠢ ᠬᠠᠷᠢᠶᠠᠯᠠᠯ ᠲᠠᠢ ᠡᠵᠡᠩᠨᠡᠯᠲᠡ ᠶᠢᠨ ᠴᠢᠳᠠᠪᠤᠷᠢ ᠶᠢᠨ ᠵᠡᠷᠭᠡ ᠳᠡᠰ ᠤᠨ  ᠮᠡᠳᠡᠭᠦᠯᠦᠯᠲᠡ ᠶᠢᠨ ᠮᠡᠷᠭᠡᠵᠢᠯ ᠤᠨ ᠠᠷᠭ᠎ᠠ ᠶᠢᠨ ᠵᠢᠷᠤᠭ ᠲᠥᠯᠥᠪᠯᠡᠭᠡ ᠵᠣᠬᠢᠶᠠᠵᠤ᠂ ᠠᠳᠠᠯᠢ ᠪᠤᠰᠤ  ᠭᠠᠵᠠᠷ ᠣᠷᠣᠨ᠂ ᠠᠳᠠᠯᠢ ᠪᠤᠰᠤ ᠡᠵᠡᠩᠨᠡᠯᠲᠡ ᠶᠢᠨ ᠭᠡᠯᠪᠡᠷᠢ  ᠪᠠᠶᠢᠳᠠᠯ ᠤᠨ  ᠵᠢᠷᠤᠭ ᠲᠥᠯᠥᠪᠯᠡᠭᠡ ᠶᠢᠨ ᠣᠯᠠᠨ ᠡᠰᠢᠵᠢᠭᠰᠡᠨ ᠡᠵᠡᠩᠨᠡᠯᠲᠡ ᠶᠢᠨ ᠲᠦᠭᠰᠢᠭᠦᠷᠢ ᠶᠢᠨ ᠦᠨᠡᠯᠡᠨ ᠵᠢᠱᠢᠬᠦ ᠲᠥᠰᠥᠯ ᠵᠢᠴᠢ ᠡᠵᠡᠩᠨᠡᠯᠲᠡ ᠶᠢᠨ ᠭᠤᠣᠯ  ᠴᠣᠭᠴᠠ ᠶᠢᠨ ᠡᠵᠡᠩᠨᠡᠯᠲᠡ ᠶᠢᠨ ᠲᠦᠭᠰᠢᠭᠦᠷᠢ ᠶᠢᠨ ᠰᠡᠷᠡᠮᠵᠢᠯᠡᠯ ᠵᠢᠴᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃    
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ