ᠪᠠᠭ᠎ᠠ ᠶᠠᠪᠤᠳᠠᠯ ᠢ ᠨᠠᠷᠢᠯᠢᠭ ᠬᠢᠬᠦ ᠶᠢᠨ ᠤᠴᠢᠷ
ᠨᠡᠶᠢᠲᠡᠯᠡᠭᠰᠡᠨ ᠴᠠᠭ᠄
2025/2/17
       ᠮᠤᠨᠳᠠᠭ ᠶᠡᠭᠡ ᠪᠥᠭᠡᠳ ᠨᠠᠷᠢᠨ ᠪᠤᠳᠤᠯᠢᠶᠠᠨᠲᠠᠢ ᠨᠡᠶᠢᠭᠡᠮ ᠤᠨ ᠪᠦᠲᠦᠴᠡ ᠳᠤ᠂ ᠦᠨᠳᠦᠰᠦᠨ ᠱᠠᠲᠤᠨ ᠤ ᠵᠠᠰᠠᠯᠲᠠ ᠨᠢ ᠨᠡᠶᠢᠭᠡᠮ ᠤᠨ ᠲᠣᠭᠲᠠᠭᠤᠨ ᠪᠠᠶᠢᠳᠠᠯ ᠢ  ᠬᠠᠮᠠᠭᠠᠯᠠᠬᠤ᠂ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠰᠠᠭᠤᠷᠢ ᠪᠤᠯᠬᠤ ᠶᠤᠮ᠃ ᠲᠡᠷᠡ ᠨᠢ ᠤᠯᠤᠰ ᠤᠨ ᠲᠦᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ ᠡᠭᠡᠯ ᠠᠷᠠᠳ ᠨᠢᠭᠡ ᠪᠦᠷᠢ ᠶᠢᠨ ᠡᠳᠦᠷ ᠲᠤᠳᠤᠮ ᠤᠨ ᠠᠮᠢᠳᠤᠷᠠᠯ ᠢ  ᠰᠢᠭᠤᠳ ᠨᠥᠯᠥᠭᠡᠯᠡᠵᠦ ᠪᠠᠶᠢᠳᠠᠭ᠃ ᠡᠨᠡ ᠨᠢ ᠦᠵᠡᠬᠦ ᠳᠤ ᠡᠭᠡᠯ ᠵᠢᠷ ᠤᠨ ᠪᠤᠯᠪᠠᠴᠤ ᠦᠨᠡᠨᠳᠡᠭᠡᠨ ᠲᠤᠶᠢᠯ ᠤᠨ ᠴᠢᠬᠤᠯᠠ ᠠᠵᠢᠯ ᠪᠣᠯᠣᠨ᠎ᠠ᠃        ᠦᠨᠳᠦᠰᠦᠨ ᠱᠠᠲᠤᠨ ᠤ ᠵᠠᠰᠠᠯᠲᠠ ᠨᠢ ᠮᠡᠷᠭᠡᠯᠡᠨ ᠰᠠᠭᠤᠵᠤ ᠮᠡᠳᠡᠮᠡᠬᠡᠶᠢᠷᠡᠨ ᠶᠠᠷᠢᠬᠤ ᠶᠠᠪᠤᠳᠠᠯ ᠪᠢᠰᠢ᠂ ᠪᠠᠰᠠ ᠴᠤ ᠪᠡᠶᠡᠯᠡᠭᠳᠡᠰᠢ ᠦᠭᠡᠢ ᠬᠦᠰᠡᠯᠡᠩ ᠤᠨ  ᠵᠢᠷᠤᠭ ᠲᠥᠯᠥᠪᠯᠡᠭᠡ ᠪᠢᠰᠢ᠂ ᠬᠠᠷᠢᠨ ᠮᠠᠨ ᠤ ᠡᠳᠦᠷ ᠲᠤᠳᠤᠮ ᠤᠨ ᠠᠮᠢᠳᠤᠷᠠᠯ ᠳᠠᠬᠢ ᠪᠠᠭ᠎ᠠ ᠶᠠᠪᠤᠳᠠᠯ ᠢ ᠨᠠᠷᠢᠯᠢᠭ ᠬᠢᠬᠦ ᠳᠡᠭᠡᠷ᠎ᠡ ᠢᠯᠡᠷᠡᠵᠦ ᠪᠠᠶᠢᠳᠠᠭ᠃ ᠨᠡᠶᠢᠭᠡᠮ  ᠲᠣᠭᠤᠷᠢᠭ ᠤᠨ ᠴᠡᠪᠡᠷ ᠴᠡᠮᠴᠡᠭᠡᠷ ᠣᠷᠴᠢᠨ ᠲᠣᠭᠤᠷᠢᠨ ᠠᠴᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠭᠢ ᠡᠶ᠎ᠡ ᠡᠪᠲᠡᠢ ᠪᠠᠷ ᠬᠠᠮᠲᠤ ᠣᠷᠣᠰᠢᠨ ᠠᠮᠢᠳᠤᠷᠠᠬᠤ ᠳᠤ  ᠭᠦᠷᠲᠡᠯ᠎ᠡ᠂ ᠨᠠᠰᠤᠲᠠᠶᠢᠴᠤᠳ ᠤᠨ ᠤᠶᠤᠨ ᠰᠠᠨᠠᠭᠠᠨ ᠤ ᠲᠠᠶᠢᠳᠬᠤᠷᠠᠭᠤᠯᠤᠯ ᠠᠴᠠ ᠵᠠᠯᠠᠭᠤᠴᠤᠳ ᠪᠠᠭᠠᠴᠤᠳ ᠤᠨ ᠡᠷᠡᠭᠦᠯ ᠰᠠᠷᠠᠭᠤᠯ ᠦᠰᠦᠨ ᠪᠤᠶᠢᠵᠢᠯᠲᠠ ᠳᠤ  ᠭᠦᠷᠲᠡᠯ᠎ᠡ᠂ ᠨᠠᠷᠢᠨ ᠵᠦᠢᠯᠡᠰ ᠨᠢᠭᠡ ᠪᠦᠷᠢ ᠨᠢ ᠴᠥᠮ ᠦᠨᠳᠦᠰᠦᠨ ᠱᠠᠲᠤᠨ ᠤ ᠬᠥᠮᠥᠰ ᠤᠨ ᠤᠶᠤᠨ ᠤᠬᠠᠭᠠᠨ ᠪᠣᠯᠣᠨ ᠡᠷᠳᠡᠮ ᠴᠢᠳᠠᠪᠤᠷᠢ ᠶᠢ ᠰᠢᠯᠭᠠᠵᠤ ᠪᠠᠶᠢᠳᠠᠭ᠃  ᠡᠳᠡᠭᠡᠷ ᠦᠵᠡᠬᠦ ᠳᠤ ᠠᠷᠰᠠᠷ ᠵᠢᠵᠢᠭ ᠰᠠᠵᠢᠭ ᠶᠠᠪᠤᠳᠠᠯ ᠨᠢ ᠦᠨᠡᠨ ᠳᠡᠭᠡᠨ ᠲᠦᠭ ᠲᠦᠮᠡᠨ ᠠᠶᠢᠯ ᠡᠷᠦᠭᠡ ᠶᠢᠨ ᠠᠵᠠ ᠵᠢᠷᠭᠠᠯ ᠲᠠᠢ ᠬᠤᠯᠪᠣᠭᠳᠠᠵᠤ᠂ ᠨᠡᠶᠢᠭᠡᠮ ᠤᠨ  ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠤᠨ ᠶᠡᠭᠡ ᠲᠠᠯ᠎ᠠ ᠲᠠᠢ ᠰᠢᠭᠤᠳ ᠬᠤᠯᠪᠣᠭᠳᠠᠵᠤ ᠪᠠᠶᠢᠳᠠᠭ᠃        ᠦᠨᠳᠦᠰᠦᠨ ᠱᠠᠲᠤᠨ ᠤ ᠵᠠᠰᠠᠯᠲᠠ ᠨᠢ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠭᠢᠷᠠᠬᠠᠢ ᠠᠵᠢᠭᠯᠠᠬᠤ ᠴᠢᠳᠠᠪᠤᠷᠢ ᠪᠠ ᠯᠠᠪᠳᠠᠭᠤᠨ  ᠪᠠᠲᠤᠲᠠᠢ ᠬᠡᠷᠡᠭᠵᠢᠭᠦᠯᠬᠦ ᠴᠢᠳᠠᠪᠤᠷᠢ ᠲᠠᠢ ᠪᠠᠶᠢᠬᠤ ᠶᠢ ᠱᠠᠭᠠᠷᠳᠠᠨ᠎ᠠ᠃ ᠲᠡᠳᠡ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠦᠨᠡᠨ ᠪᠣᠳᠠᠲᠠᠢ  ᠬᠡᠷᠡᠭᠴᠡᠭᠡ ᠪᠠ ᠰᠡᠳᠬᠢᠯ ᠤᠨ ᠲᠠᠭᠤᠨ ᠢ ᠣᠶᠢᠯᠠᠭᠠᠬᠤ ᠶᠢᠨ ᠤᠯᠠᠮ ᠠᠴᠠ ᠪᠣᠳᠠᠲᠤ ᠪᠠᠶᠢᠳᠠᠯ ᠳᠤ ᠨᠡᠩ ᠣᠶᠢᠷᠠᠲᠤᠭᠰᠠᠨ᠂ ᠨᠡᠩ ᠬᠥᠮᠥᠡᠯᠢᠭ ᠲᠦᠷᠦ ᠶᠢᠨ ᠪᠣᠳᠣᠯᠭ᠎ᠠ  ᠠᠷᠭ᠎ᠠ ᠬᠡᠮᠵᠢᠶ᠎ᠡ ᠶᠢ ᠲᠣᠭᠲᠠᠭᠠᠬᠤ ᠴᠢᠬᠤᠯᠠᠲᠠᠢ ᠶᠤᠮ᠃ ᠡᠭᠦᠨ ᠤ ᠬᠠᠮᠲᠤ᠂ ᠲᠡᠳᠡ ᠪᠠᠰᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠠᠵᠢᠯ  ᠨᠢᠭᠡ ᠪᠦᠷᠢ ᠳᠤ ᠴᠥᠮ ᠨᠠᠷᠢᠨ ᠬᠢᠨᠠᠮᠠᠭᠠᠢ ᠬᠠᠷᠢᠭᠤᠴᠠᠵᠤ᠂ ᠲᠦᠷᠦ ᠶᠢᠨ ᠪᠣᠳᠣᠯᠭ᠎ᠠ ᠨᠢᠭᠡ ᠪᠦᠷᠢ ᠶᠢ ᠴᠥᠮ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ  ᠦᠨᠡᠨ ᠬᠦ ᠪᠠᠲᠤᠯᠠᠵᠤ᠂ ᠠᠷᠠᠳ ᠤᠯᠠᠨ ᠳᠤ ᠦᠨᠡᠨ ᠬᠦ ᠠᠰᠢᠭ ᠬᠦᠷᠲᠡᠭᠡᠬᠦ ᠵᠣᠬᠢᠰᠲᠠᠢ᠃        ᠭᠡᠲᠡᠯ᠎ᠡ ᠨᠠᠷᠢᠨ ᠵᠦᠢᠯᠡᠰ ᠤᠨ ᠵᠠᠰᠠᠯᠲᠠ ᠨᠢ ᠲᠡᠶᠢᠮᠦ ᠭᠢᠯᠪᠠᠷ ᠶᠠᠪᠤᠳᠠᠯ ᠪᠢᠰᠢ ᠶᠤᠮ᠃ ᠲᠡᠷᠡ ᠨᠢ ᠦᠨᠳᠦᠰᠦᠨ ᠱᠠᠲᠤᠨ ᠤ ᠨᠠᠮ ᠤᠨ ᠭᠡᠰᠢᠭᠦᠨ  ᠺᠠᠳ᠋ᠷᠴᠤᠳ ᠤᠨ ᠡᠯᠪᠡᠭ ᠪᠠᠶᠠᠯᠢᠭ ᠲᠤᠷᠰᠢᠯᠭ᠎ᠠ ᠪᠠ ᠭᠦᠨ ᠵᠤᠵᠠᠭᠠᠨ ᠣᠯᠠᠨ ᠲᠦᠮᠡᠨ ᠤ ᠰᠠᠭᠤᠷᠢ ᠲᠠᠢ ᠪᠠᠶᠢᠬᠤ ᠶᠢ ᠱᠠᠭᠠᠷᠳᠠᠵᠤ᠂ ᠲᠡᠳᠡᠨ ᠤ ᠰᠢᠨ᠎ᠡ ᠶᠢ ᠡᠭᠦᠳᠬᠦ  ᠰᠡᠳᠬᠢᠬᠦᠢ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ ᠶᠢ ᠱᠠᠭᠠᠷᠳᠠᠳᠠᠭ᠃ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠦᠨᠳᠦᠰᠦᠨ  ᠱᠠᠲᠤᠨ ᠤ ᠪᠠᠶᠢᠳᠠᠯ ᠤᠨ ᠡᠮᠦᠨ᠎ᠡ᠂ ᠲᠡᠳᠡ ᠠᠮᠢᠳᠤᠯᠢᠭ ᠢᠶᠠᠷ ᠠᠷᠭᠠᠴᠠᠭᠠᠬᠤ ᠶᠢ ᠰᠤᠷᠴᠤ᠂ ᠤᠯᠠᠨ ᠲᠦᠮᠡᠨ ᠤ ᠳᠤᠮᠳᠠ ᠠᠴᠠ ᠤᠶᠤᠨ ᠤᠬᠠᠭᠠᠨ ᠪᠠ ᠬᠦᠴᠦᠨ ᠴᠢᠳᠠᠯ  ᠰᠢᠩᠭᠡᠬᠡᠨ ᠠᠪᠬᠤ ᠳᠠᠭᠠᠨ ᠴᠢᠳᠠᠮᠠᠭᠠᠢ ᠪᠠᠶᠢᠵᠤ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠠᠰᠤᠷᠠᠯᠳᠠ ᠦᠭᠡᠢ ᠲᠠᠪᠰᠢᠬᠤ ᠶᠢ ᠬᠠᠮᠲᠤ ᠪᠠᠷ ᠠᠬᠢᠭᠤᠯᠬᠤ ᠶᠢ ᠱᠠᠭᠠᠷᠳᠠᠵᠤ ᠪᠠᠶᠢᠳᠠᠭ᠃        ᠡᠭᠦᠨ ᠠᠴᠠ ᠭᠠᠳᠠᠨ᠎ᠠ᠂ ᠦᠨᠳᠦᠰᠦᠨ ᠱᠠᠲᠤᠨ ᠤ ᠵᠠᠰᠠᠯᠲᠠ ᠨᠢ ᠪᠠᠰᠠ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠣᠷᠤᠯᠴᠠᠯᠭ᠎ᠠ ᠪᠠ ᠳᠡᠮᠵᠢᠯᠭᠡ ᠶᠢ  ᠬᠡᠷᠡᠭᠰᠡᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠨᠢᠭᠡ ᠪᠦᠷᠢ ᠴᠥᠮ ᠦᠨᠳᠦᠰᠦᠨ ᠱᠠᠲᠤᠨ ᠤ  ᠵᠠᠰᠠᠯᠲᠠ ᠶᠢᠨ ᠣᠷᠣᠯᠴᠠᠭᠴᠢ ᠪᠠ ᠠᠬᠢᠭᠤᠯᠤᠭᠴᠢ ᠪᠤᠯᠬᠤ ᠶᠣᠰᠣᠲᠠᠢ᠃ ᠭᠠᠭᠴᠠ ᠬᠦ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂  ᠦᠨᠳᠦᠰᠦᠨ ᠱᠠᠲᠤᠨ ᠤ ᠵᠠᠰᠠᠯᠲᠠ ᠶᠢᠨ ᠨᠠᠷᠢᠨ ᠵᠦᠢᠯᠡᠰ ᠨᠢᠭᠡ ᠪᠦᠷᠢ ᠶᠢ ᠬᠠᠮᠲᠤ ᠪᠠᠷ ᠠᠩᠬᠠᠷᠪᠠᠯ ᠰᠠᠶ᠋ᠢ ᠨᠡᠩ ᠡᠶ᠎ᠡ ᠵᠣᠬᠢᠴᠠᠯ ᠲᠠᠢ᠂ ᠲᠣᠭᠲᠠᠭᠤᠨ᠂ ᠴᠡᠴᠡᠭᠯᠡᠨ  ᠬᠥᠭᠵᠢᠭᠰᠡᠨ ᠨᠡᠶᠢᠭᠡᠮ ᠢ ᠬᠠᠮᠲᠤ ᠪᠠᠷ ᠪᠠᠶᠢᠭᠤᠯᠵᠤ ᠴᠢᠳᠠᠨ᠎ᠠ᠃        ᠦᠨᠳᠦᠰᠦᠨ ᠱᠠᠲᠤᠨ ᠤ ᠵᠠᠰᠠᠯᠲᠠ ᠪᠣᠯ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠡᠭᠦᠷᠭᠡ ᠮᠥᠨ ᠪᠣᠯᠬᠤᠷ ᠪᠢᠳᠡᠨ ᠤ ᠬᠥᠮᠥᠨ  ᠨᠢᠭᠡ ᠪᠦᠷᠢ ᠶᠢᠨ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠨ᠎ᠡ᠃ ᠪᠠᠭ᠎ᠠ ᠶᠠᠪᠤᠳᠠᠯ ᠳᠡᠭᠡᠷ᠎ᠡ ᠢᠯᠡᠭᠦᠬᠡᠨ ᠬᠦᠴᠦ ᠲᠠᠯᠪᠢᠪᠠᠯ ᠰᠠᠶ᠋ᠢ ᠦᠨᠳᠦᠰᠦᠨ ᠱᠠᠲᠤᠨ ᠤ  ᠵᠠᠰᠠᠯᠲᠠ ᠶᠢᠨ ᠦᠨᠡᠨ ᠬᠠᠭᠤᠳᠠᠰᠤ ᠶᠢ ᠣᠯᠵᠤ ᠬᠠᠷᠠᠨ ᠪᠣᠳᠠᠲᠤ ᠦᠷ᠎ᠡ ᠪᠦᠳᠦᠮᠵᠢ ᠣᠯᠵᠤ ᠴᠢᠳᠠᠨ᠎ᠠ; ᠨᠠᠷᠢᠨ ᠵᠦᠢᠯᠡᠰ ᠨᠢᠭᠡ ᠪᠦᠷᠢ ᠠᠴᠠ ᠵᠠᠰᠠᠭ ᠤᠨ  ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡᠯ ᠰᠠᠶ᠋ᠢ ᠠᠷᠠᠳ ᠤᠯᠠᠨ ᠤ ᠢᠲᠡᠭᠡᠯ ᠪᠠ ᠳᠡᠮᠵᠢᠯᠭᠡ ᠶᠢ ᠣᠯᠵᠤ ᠴᠢᠳᠠᠨ᠎ᠠ᠃ ᠥᠷᠭᠡᠨ ᠤᠯᠠᠨ ᠨᠠᠮ ᠤᠨ ᠭᠡᠰᠢᠭᠦᠨ  ᠺᠠᠳ᠋ᠷ ᠤᠯᠠᠨ ᠲᠦᠮᠡᠨ ᠭᠠᠷ ᠬᠤᠯᠪᠣᠨ ᠰᠡᠳᠬᠢᠯ ᠨᠢᠭᠡᠳᠦᠨ ᠬᠠᠮᠲᠤ ᠪᠠᠷ ᠴᠢᠷᠮᠠᠶᠢᠪᠠᠯ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠲᠠᠰᠤᠷᠠᠯᠲᠠ ᠦᠭᠡᠢ  ᠠᠬᠢᠭᠤᠯᠵᠤ᠂ ᠨᠠᠩ ᠰᠠᠶᠢᠨ ᠰᠠᠶᠢᠬᠠᠨ ᠨᠡᠶᠢᠭᠡᠮ ᠢ ᠪᠠᠶᠢᠭᠤᠯᠵᠤ ᠴᠢᠳᠠᠬᠤ ᠨᠢ ᠯᠠᠪᠲᠠᠢ᠃         
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ