ᠴᠠᠭᠠᠨ ᠰᠠᠷ᠎ᠠ ᠪᠤᠯᠬᠤ ᠪᠠᠷ ᠣᠯᠠᠩᠬᠢ ᠬᠥᠮᠥᠨ ᠬᠤᠸᠠᠷ ᠫᠤᠤᠵᠢᠩ ᠲᠠᠯᠪᠢᠵᠤ ᠪᠠᠶᠠᠷ ᠤᠨ ᠡᠳᠦᠷ ᠢ ᠪᠡᠯᠭᠡᠯᠡᠳᠡᠭ᠃ ᠲᠦᠷᠦᠭᠦᠬᠡᠨ ᠵᠢᠭᠠᠯ ᠬᠡᠦᠬᠡᠳ ᠬᠤᠸᠠᠷ | ᠫᠤᠤᠵᠢᠩ ᠢ ᠪᠣᠬᠢᠷ ᠤᠰᠤ ᠭᠠᠳᠠᠭᠰᠢᠯᠠᠭᠤᠯᠬᠤ ᠲᠥᠬᠦᠭᠡᠷᠦᠮᠵᠢ ᠳᠤ ᠲᠠᠯᠪᠢᠭᠰᠠᠨ ᠠᠴᠠ ᠪᠣᠯᠵᠤ ᠳᠡᠯᠪᠡᠷᠡᠯᠲᠡ ᠡᠭᠦᠰᠴᠦ ᠣᠯᠠᠨ ᠮᠠᠰᠢᠨ ᠲᠡᠷᠭᠡ ᠡᠪᠳᠡᠭᠳᠡᠭᠰᠡᠨ ᠮᠡᠳᠡᠭᠡ | ᠰᠦᠯᠵᠢᠶᠡᠨ ᠳᠡᠭᠡᠷ᠎ᠡ ᠥᠷᠭᠡᠨ ᠢᠶᠠᠷ ᠳᠠᠮᠵᠢᠭᠳᠠᠵᠤ᠂ ᠬᠥᠮᠥᠰ ᠲᠤ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢ ᠳᠠᠬᠢᠨᠲᠠ ᠳᠤᠤᠭᠠᠷᠭᠠᠭᠰᠠᠨ ᠪᠠᠶᠢᠨ᠎ᠠ᠃ | ᠡᠨᠡ ᠵᠢᠯ ᠣᠯᠠᠨ ᠭᠠᠵᠠᠷ ᠤᠨ ᠬᠢᠨ ᠬᠤᠸᠠᠷ ᠫᠤᠤᠵᠢᠩ ᠲᠠᠯᠪᠢᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠣᠯᠠᠨ ᠲᠦᠮᠡᠨ ᠡᠮᠬᠢ ᠵᠢᠷᠤᠮ ᠲᠠᠢ ᠪᠠᠷ | ᠲᠣᠭᠲᠠᠭᠰᠠᠨ ᠴᠠᠭ ᠪᠤᠶᠤ ᠲᠣᠭᠲᠠᠭᠰᠠᠨ ᠭᠠᠵᠠᠷ ᠲᠤ ᠬᠤᠸᠠᠷ ᠫᠤᠤᠵᠢᠩ ᠲᠠᠯᠪᠢᠵᠤ ᠪᠤᠯᠬᠤ ᠪᠣᠯᠪᠠ᠃ ᠫᠤᠤᠵᠢᠩ ᠲᠠᠯᠪᠢᠬᠤ ᠶᠢ ᠴᠠᠭᠠᠵᠠᠯᠠᠵᠤ ᠪᠠᠶᠢᠭᠰᠠᠨ ᠠᠴᠠ | ᠲᠣᠭᠲᠠᠭᠰᠠᠨ ᠴᠠᠭ ᠣᠷᠣᠨ ᠳᠤ ᠲᠠᠯᠪᠢᠵᠤ ᠪᠤᠯᠬᠤ ᠨᠢ ᠬᠤᠲᠠ ᠶᠢᠨ ᠬᠠᠮᠢᠶᠠᠷᠤᠯᠲᠠ ᠶᠢᠨ ᠬᠠᠯᠠᠭᠤᠨ ᠳᠤᠯᠠᠭᠠᠨ ᠢ ᠢᠯᠡᠷᠡᠭᠦᠯᠵᠦ᠂ ᠤᠯᠠᠮᠵᠢᠯᠠᠯᠲᠤ ᠵᠠᠩ ᠳᠠᠳᠬᠠᠯ ᠢ | ᠬᠦᠨᠳᠦᠳᠬᠡᠬᠦ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ ᠪᠠᠶᠢᠭ᠎ᠠ ᠶᠠᠪᠤᠳᠠᠯ ᠶᠤᠮ᠃ ᠭᠡᠪᠡᠴᠦ ᠡᠨᠡ ᠨᠢ ᠬᠤᠸᠠᠷ | ᠫᠤᠤᠵᠢᠩ ᠢ ᠳᠤᠷ᠎ᠠ ᠲᠠᠪᠠ ᠪᠠᠷ ᠢᠶᠠᠨ ᠲᠠᠯᠪᠢᠵᠤ ᠪᠣᠯᠣᠨ᠎ᠠ ᠭᠡᠰᠡᠨ ᠶᠠᠪᠤᠳᠠᠯ ᠪᠢᠰᠢ᠂ ᠬᠠᠷᠢᠨ ᠠᠮᠤᠷ ᠲᠦᠪᠰᠢᠨ ᠤ ᠬᠥᠪᠴᠢ ᠶᠢ ᠢᠮᠠᠭᠲᠠ ᠴᠢᠩᠳᠠᠯᠠᠬᠤ ᠴᠢᠬᠤᠯᠠ ᠲᠠᠢ | ᠪᠠᠶᠢᠨ᠎ᠠ᠃ | ᠡᠪᠦᠯ ᠤᠨ ᠤᠯᠠᠷᠢᠯ ᠳᠤ ᠠᠭᠤᠷ ᠠᠮᠢᠰᠬᠤᠯ ᠬᠠᠭᠤᠷᠠᠢ ᠭᠠᠯ ᠤᠨ ᠠᠶᠤᠯ ᠠᠮᠠᠷᠬᠠᠨ ᠡᠭᠦᠰᠳᠡᠭ᠃ ᠬᠡᠷᠪᠡ ᠬᠤᠸᠠᠷ ᠫᠤᠤᠵᠢᠩ ᠢ ᠳᠤᠷ᠎ᠠ ᠳᠠᠪᠠ ᠪᠠᠷ ᠢᠶᠠᠨ | ᠲᠠᠯᠪᠢᠪᠠᠯ ᠭᠠᠢ ᠭᠠᠮᠰᠢᠭ ᠢ ᠠᠪᠴᠢᠷᠠᠵᠤ ᠮᠡᠳᠡᠨ᠎ᠠ᠃ ᠭᠡᠷ ᠤᠨ ᠠᠬᠠᠮᠠᠳ ᠠᠴᠠ ᠬᠡᠦᠬᠡᠳ ᠤᠨ ᠭᠠᠯ ᠬᠡᠷᠡᠭᠯᠡᠬᠦ ᠠᠮᠤᠷ ᠲᠦᠪᠰᠢᠨ ᠤ ᠬᠥᠮᠦᠵᠢᠯ ᠢ ᠴᠢᠬᠤᠯᠠᠴᠢᠯᠠᠬᠤ | ᠦᠭᠡᠢ᠂ ᠪᠠᠭᠠᠴᠤᠳ ᠬᠡᠦᠬᠡᠳ ᠤᠨ ᠲᠤᠰ ᠪᠡᠶ᠎ᠡ ᠶᠢᠨ ᠮᠠᠭᠠᠳᠯᠠᠬᠤ ᠴᠢᠳᠠᠪᠤᠷᠢ ᠪᠠ ᠠᠮᠤᠷ ᠲᠦᠪᠰᠢᠨ ᠤ ᠮᠡᠳᠡᠯᠭᠡ ᠨᠢ ᠬᠦᠷᠦᠯᠴᠡᠬᠦ ᠦᠭᠡᠢ ᠠᠴᠠ ᠪᠣᠯᠤᠭᠰᠠᠨ ᠭᠠᠯ | ᠤᠰᠤᠨ ᠤ ᠭᠠᠢ ᠭᠠᠮᠰᠢᠭ ᠵᠥᠩᠳᠡᠭᠡᠨ ᠬᠠᠷᠠᠭᠳᠠᠨ᠎ᠠ᠃ ᠫᠤᠤᠵᠢᠩ ᠲᠠᠯᠪᠢᠬᠤ ᠠᠴᠠ ᠭᠠᠳᠠᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠤ ᠤᠳᠤᠯᠭ᠎ᠠ ᠳᠠᠭᠢᠯᠭ᠎ᠠ᠂ ᠲᠦᠳᠡᠭ | ᠭᠠᠯ ᠨᠣᠴᠣᠭᠠᠬᠤ ᠵᠡᠷᠭᠡ ᠠᠷᠠᠳ ᠤᠨ ᠵᠠᠩ ᠵᠠᠩᠰᠢᠯ ᠵᠢᠴᠢ ᠪᠡᠯᠭᠡᠯᠡᠬᠦ ᠠᠵᠢᠯᠯᠠᠭ᠎ᠠ ᠣᠯᠠᠰᠢᠷᠠᠵᠤ᠂ ᠲᠣᠭᠤᠭᠠᠨ ᠭᠡᠷ ᠪᠠ ᠳᠤᠯᠠᠭᠠᠯᠠᠭ᠎ᠠ ᠶᠢᠨ ᠬᠡᠷᠡᠭᠰᠡᠯ ᠤᠨ ᠴᠠᠭᠢᠯᠭᠠᠨ | ᠬᠡᠷᠡᠭᠯᠡᠬᠦ ᠬᠡᠮᠵᠢᠶ᠎ᠡ ᠨᠡᠮᠡᠭᠳᠡᠵᠦ᠂ ᠤᠯᠠᠨ ᠲᠦᠮᠡᠨ ᠤ ᠪᠠᠶᠠᠷ ᠤᠨ ᠡᠳᠦᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠭᠦ ᠠᠵᠢᠯ ᠨᠡᠩ ᠲᠤᠯᠭᠠᠮ | ᠱᠠᠭᠠᠷᠳᠠᠭᠳᠠᠵᠤ ᠪᠠᠶᠢᠨ᠎ᠠ᠃ | ᠫᠤᠤᠵᠢᠩ ᠲᠠᠯᠪᠢᠵᠤ ᠭᠡᠨᠡᠳᠲᠡ ᠶᠢᠨ ᠠᠳᠡᠯ ᠡᠭᠦᠰᠬᠦ᠂ ᠭᠠᠯ ᠤᠨ ᠠᠶᠤᠯ ᠭᠠᠷᠬᠤ ᠵᠡᠷᠭᠡ ᠨᠢ ᠨᠢᠭᠡ ᠲᠠᠯ᠎ᠠ ᠪᠠᠷ ᠬᠤᠪᠢ ᠬᠥᠮᠥᠨ ᠤ ᠰᠡᠷᠭᠡᠶᠢᠯᠡᠯᠲᠡ ᠶᠢᠨ | ᠤᠬᠠᠮᠰᠠᠷ ᠥᠨᠳᠥᠷ ᠪᠢᠰᠢ ᠠᠴᠠ ᠪᠣᠯᠤᠭᠰᠠᠨ ᠪᠠᠶᠢᠪᠠᠯ ᠨᠦᠭᠦᠭᠡ ᠲᠠᠯ᠎ᠠ ᠪᠠᠷ ᠬᠠᠮᠢᠶᠠᠷᠤᠯᠲᠠ ᠶᠢᠨ ᠲᠠᠯ᠎ᠠ ᠳᠤ ᠪᠠᠰᠠ ᠵᠣᠬᠢᠬᠤ ᠬᠡᠮᠵᠢᠶᠡᠨ ᠤ ᠳᠤᠲᠠᠭᠳᠠᠯ ᠣᠷᠣᠰᠢᠵᠤ | ᠪᠠᠶᠢᠬᠤ ᠶᠢ ᠬᠠᠷᠠᠭᠤᠯᠤᠨ᠎ᠠ᠃ ᠵᠢᠱᠢᠶᠡᠯᠡᠪᠡᠯ ᠫᠤᠤᠵᠢᠩ ᠲᠠᠯᠪᠢᠬᠤ ᠶᠢ ᠴᠠᠭᠠᠵᠠᠯᠠᠬᠤ ᠢᠯᠡᠳᠬᠡᠮᠵᠢ ᠲᠡᠮᠳᠡᠭ ᠨᠢ ᠲᠣᠳᠣᠷᠬᠠᠢ ᠪᠤᠰᠤ᠂ ᠴᠠᠭᠳᠠᠨ ᠲᠣᠭᠤᠷᠢᠵᠤ ᠬᠢᠨᠠᠨ | ᠬᠠᠮᠢᠶᠠᠷᠬᠤ ᠡᠷᠴᠢᠮ ᠨᠢ ᠬᠦᠷᠦᠯᠴᠡᠬᠦ ᠦᠭᠡᠢ᠂ ᠲᠣᠭᠲᠠᠭᠠᠯ ᠢ ᠵᠥᠷᠢᠴᠡᠨ ᠫᠤᠤᠵᠢᠩ ᠲᠠᠯᠪᠢᠬᠤ ᠶᠢ ᠪᠦᠳᠦᠮᠵᠢᠳᠡᠢ ᠬᠤᠷᠢᠭᠯᠠᠵᠤ ᠳᠡᠶᠢᠯᠦᠭᠰᠡᠨ ᠦᠭᠡᠢ ᠵᠡᠷᠭᠡ ᠪᠠᠶᠢᠳᠠᠯ | ᠪᠠᠶᠢᠩᠭᠤ ᠬᠠᠷᠠᠭᠳᠠᠳᠠᠭ᠃ | ᠭᠠᠯ ᠰᠡᠷᠭᠡᠶᠢᠯᠡᠬᠦ ᠳᠤ ᠪᠠᠭ᠎ᠠ ᠶᠠᠪᠤᠳᠠᠯ ᠭᠡᠵᠦ ᠦᠭᠡᠢ᠃ ᠡᠯ᠎ᠡ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠬᠡᠨ᠂ | ᠭᠤᠣᠯᠳᠠᠯᠭ᠎ᠠ ᠲᠠᠢ ᠣᠷᠣᠨ ᠪᠦᠰᠡ ᠳᠤ ᠤᠷᠢᠳᠴᠢᠯᠠᠨ ᠵᠢᠵᠢᠭᠦᠷᠯᠡᠨ ᠰᠠᠬᠢᠵᠤ᠂ ᠭᠠᠯ ᠤᠨ ᠠᠶᠤᠯ ᠤᠨ ᠭᠡᠮ ᠰᠣᠭᠤᠭ ᠤᠨ ᠣᠷᠣᠨ ᠪᠦᠰᠡ ᠶᠢ ᠴᠠᠭᠳᠠᠨ ᠲᠣᠭᠤᠷᠢᠵᠤ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠡᠮ ᠰᠣᠭᠤᠭ ᠢ ᠴᠡᠭᠴᠡᠯᠡᠨ ᠵᠠᠰᠠᠬᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠂ ᠭᠠᠯ ᠰᠡᠷᠭᠡᠶᠢᠯᠡᠬᠦ ᠤᠬᠠᠭᠤᠯᠭ᠎ᠠ ᠵᠡᠷᠭᠡ | ᠠᠵᠢᠯ ᠢ ᠰᠠᠶᠢᠲᠤᠷ ᠬᠢᠵᠦ ᠬᠠᠮᠲᠤᠷᠠᠯ ᠬᠦᠴᠦᠨ ᠢ ᠪᠤᠢ ᠪᠣᠯᠭᠠᠪᠠᠯ ᠭᠠᠯ ᠤᠨ ᠠᠶᠤᠯ᠂ ᠭᠡᠨᠡᠳᠲᠡ ᠶᠢᠨ ᠠᠳᠡᠯ ᠡᠭᠦᠰᠬᠦ ᠪᠣᠯᠣᠮᠵᠢ ᠶᠢ ᠪᠦᠳᠦᠮᠵᠢᠳᠡᠢ ᠬᠤᠷᠢᠭᠯᠠᠵᠤ | ᠴᠢᠳᠠᠨ᠎ᠠ᠃ ᠣᠯᠠᠨ ᠲᠦᠮᠡᠨ ᠥᠪᠡᠷ ᠤᠨ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠳᠡᠷᠭᠡᠳᠡᠬᠢ ᠠᠶᠤᠯ ᠲᠦᠭᠰᠢᠭᠦᠷᠢ ᠶᠢᠨ ᠭᠡᠮ ᠰᠣᠭᠤᠭ ᠢ | ᠪᠠᠶᠢᠩᠭᠤ ᠠᠩᠬᠠᠷᠴᠤ᠂ ᠬᠠᠮᠢᠶ᠎ᠠ ᠪᠦᠬᠦᠢ ᠳᠦᠷᠢᠮ ᠲᠣᠭᠲᠠᠭᠠᠯ ᠢ ᠵᠢᠷᠤᠮᠯᠠᠵᠤ᠂ ᠦᠷ᠎ᠡ ᠬᠡᠦᠬᠡᠳ ᠲᠡᠭᠡᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠮᠤᠷ ᠲᠦᠪᠰᠢᠨ ᠤ | ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠭᠠᠯ ᠤᠰᠤᠨ ᠤ ᠠᠶᠤᠯ ᠤᠨ ᠬᠤᠣᠷ ᠬᠥᠨᠥᠭᠡᠯ ᠢ ᠮᠡᠳᠡᠷᠡᠭᠦᠯᠦᠨ ᠣᠶᠢᠯᠠᠭᠠᠭᠤᠯᠵᠤ᠂ ᠥᠪᠡᠷ ᠢ ᠪᠠᠨ ᠠᠪᠤᠷᠠᠬᠤ ᠶᠡᠷᠦ ᠶᠢᠨ | ᠮᠡᠳᠡᠯᠭᠡ ᠶᠢ ᠰᠤᠷᠤᠯᠴᠠᠭᠤᠯᠵᠤ᠂ ᠭᠠᠯ ᠴᠠᠭᠢᠯᠭᠠᠨ ᠬᠡᠷᠡᠭᠯᠡᠬᠦ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠶ᠎ᠠ᠃ | ᠴᠠᠭᠠᠨ ᠰᠠᠷ᠎ᠠ ᠨᠢ ᠳᠤᠮᠳᠠᠳᠤ ᠶᠢᠨ ᠦᠨᠳᠦᠰᠦᠲᠡᠨ ᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠢ ᠠᠴᠢᠶᠠᠯᠠᠵᠤ ᠪᠠᠶᠢᠳᠠᠭ᠂ ᠭᠠᠯ ᠤᠨ ᠠᠶᠤᠯ | ᠠᠳᠡᠯ ᠢ ᠦᠵᠡᠯ ᠰᠠᠨᠠᠭᠠᠨ ᠤ ᠲᠠᠯ᠎ᠠ ᠠᠴᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠳᠡᠭᠡᠷ᠎ᠡ ᠪᠠᠨ ᠰᠠᠨᠠᠭᠠᠴᠢᠯᠠᠭ᠎ᠠ ᠠᠴᠠ ᠪᠠᠨ | ᠣᠷᠣᠯᠴᠠᠪᠠᠯ ᠰᠠᠶ᠋ᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠭᠦ ᠲᠠᠯ᠎ᠠ ᠪᠠᠷ ᠪᠠᠬᠢᠵᠢᠭᠦᠯᠵᠦ᠂ ᠴᠠᠭᠠᠨ ᠰᠠᠷ᠎ᠠ ᠶᠢᠨ ᠪᠠᠶᠠᠷ ᠢᠶᠠᠨ ᠭᠦᠷ ᠬᠥᠭᠵᠢᠶᠡᠨ᠋ ᠲᠠᠢ | ᠥᠩᠭᠡᠷᠡᠭᠦᠯᠵᠦ ᠴᠢᠳᠠᠨ᠎ᠠ᠃ | | | |