ᠨᠢᠭᠡ ᠳᠤ᠂ ᠳᠠᠷᠤᠭᠠᠰᠤ ᠶᠢ ᠬᠥᠩᠭᠡᠷᠡᠭᠦᠯᠵᠦ ᠪᠣᠢ᠃ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ | ᠱᠠᠲᠤᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠥᠪᠡᠷ ᠤᠨ | ᠥᠷᠲᠡᠭ ᠢ ᠦᠨᠡᠨ ᠬᠦ ᠪᠠᠭᠤᠷᠠᠭᠤᠯᠪᠠ᠂ 2024 ᠣᠨ ᠳᠤ ᠨᠡᠶᠢᠲᠡ 13.7 ᠲᠦᠮᠡᠨ ᠬᠥᠮᠦᠨ ᠬᠡᠷᠡᠭᠯᠡᠬᠦ ᠨᠢᠭᠡᠴᠢ ᠳᠤ ᠰᠦᠢᠳᠬᠡᠯ ᠲᠤᠰᠢᠶᠠᠬᠤ ᠳᠠᠷᠤᠭᠠᠰᠤ ᠶᠢ ᠨᠢ | 37.76 ᠳ᠋ᠦᠩᠰᠢᠭᠤᠷ ᠲᠥᠭᠦᠷᠢᠭ ᠬᠥᠩᠭᠡᠷᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 1.72 ᠳ᠋ᠦᠩᠰᠢᠭᠤᠷ ᠲᠥᠭᠦᠷᠢᠭ | ᠨᠡᠮᠡᠭᠳᠡᠪᠡ᠃ ᠬᠤᠶᠠᠷ ᠲᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠪᠣᠢ᠃ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠭᠦᠢᠴᠡᠳ ᠲᠤᠭ᠎ᠠ ᠪᠠᠷ | 12 ᠰᠠᠷ᠎ᠠ ᠠᠴᠠ ᠢᠯᠡᠭᠦᠦ ᠲᠤᠰᠢᠶᠠᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠴᠢᠭᠯᠡᠭᠦᠯᠦᠨ᠂ ︽ᠭᠤᠶᠤᠴᠢᠯᠠᠬᠤ ᠦᠭᠡᠢ ᠪᠠᠷ ᠳᠠᠷᠦ᠋ᠢᠬᠠᠨ | ᠬᠦᠷᠲᠡᠬᠦ︾ ᠪᠠ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ ᠣᠯᠭᠤᠭᠰᠠᠨ ᠤ ᠬᠠᠮᠲᠤ ᠠᠵᠤ ᠠᠬᠤᠶᠢᠯᠠᠯ ᠤᠨ ᠡᠭᠡᠭᠦᠯᠦᠨ ᠪᠤᠴᠠᠭᠠᠭᠰᠠᠨ ᠪᠠᠯᠠ ᠮᠥᠩᠭᠦ ᠶᠢ ᠨᠢ ᠭᠦᠢᠴᠡᠳ | ᠪᠥᠭᠡᠳ ᠰᠠᠶᠢᠲᠤᠷ ᠬᠡᠷᠡᠭᠯᠡᠬᠦ ᠶᠢ ᠮᠥᠷᠳᠡᠨ ᠵᠢᠯᠣᠭᠤᠳᠤᠪᠠ᠃ 2024 ᠣᠨ ᠳᠤ ᠪᠥᠬᠦ ᠣᠷᠣᠨ ᠳᠤ ᠨᠡᠶᠢᠲᠡ 4.78 ᠲᠦᠮᠡᠨ ᠡᠷᠦᠬᠡ ᠳᠠᠭᠠᠳᠬᠠᠯ ᠳᠤ | ᠣᠷᠣᠯᠴᠠᠭᠰᠠᠨ ᠠᠵᠤ ᠠᠬᠤᠶᠢᠯᠠᠯ ᠳᠤ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ 6.99 | ᠳ᠋ᠦᠩᠰᠢᠭᠤᠷ ᠲᠥᠭᠦᠷᠢᠭ ᠲᠠᠷᠬᠠᠭᠠᠪᠠ᠃ ᠭᠤᠷᠪᠠ ᠳᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠪᠣᠢ᠃ ᠤᠷ᠎ᠠ ᠴᠢᠳᠠᠪᠤᠷᠢ ᠳᠡᠭᠡᠭᠰᠢᠯᠡᠭᠦᠯᠬᠦ ᠨᠥᠬᠦᠪᠥᠷᠢ ᠶᠢᠨ | ᠲᠥᠷᠥ ᠶᠢᠨ ᠪᠣᠳᠣᠯᠭ᠎ᠠ ᠪᠠᠷ ᠳᠠᠭᠠᠳᠬᠠᠯ ᠳᠤ ᠣᠷᠣᠯᠴᠠᠬᠤ ᠵᠢᠯ ᠤᠨ ᠬᠢᠵᠠᠭᠠᠷ ᠢ ᠠᠭᠤᠵᠢᠭᠤ ᠲᠠᠯᠪᠢᠵᠤ᠂ ᠨᠥᠬᠦᠴᠡᠯ ᠳᠤ ᠨᠡᠶᠢᠴᠡᠬᠦ ᠬᠥᠮᠦᠰ ᠲᠤ ᠤᠷ᠎ᠠ ᠴᠢᠳᠠᠪᠤᠷᠢ | ᠳᠡᠭᠡᠭᠰᠢᠯᠡᠭᠦᠯᠬᠦ ᠨᠥᠬᠦᠪᠥᠷᠢ ᠶᠢ ᠣᠯᠭᠤᠪᠠ᠃ 2024 ᠣᠨ ᠳᠤ ᠤᠷ᠎ᠠ ᠴᠢᠳᠠᠪᠤᠷᠢ ᠳᠡᠭᠡᠭᠰᠢᠯᠡᠭᠦᠯᠬᠦ ᠨᠥᠬᠦᠪᠥᠷᠢ ᠶᠢ ᠨᠡᠶᠢᠲᠡ 1.2 ᠳ᠋ᠦᠩᠰᠢᠭᠤᠷ ᠲᠥᠭᠦᠷᠢᠭ | ᠲᠠᠷᠬᠠᠭᠠᠵᠤ᠂ 7.51 ᠲᠦᠮᠡᠨ ᠬᠥᠮᠦᠨ ᠤᠳᠠᠭ᠎ᠠ ᠳᠤ ᠬᠤᠯᠪᠣᠭᠳᠠᠪᠠ᠃ ᠳᠥᠷᠪᠡ ᠳᠤ᠂ ᠠᠵᠢᠯ ᠤᠨ ᠪᠠᠶᠢᠷᠢ ᠶᠢ ᠥᠷᠭᠡᠳᠭᠡᠵᠦ ᠪᠣᠢ᠃ ᠨᠢᠭᠡ ᠯᠡ ᠤᠳᠠᠭᠠᠨ ᠤ | ᠴᠢᠨᠠᠷᠲᠠᠢ ᠠᠵᠢᠯ ᠣᠯᠭᠤᠬᠤ ᠨᠥᠬᠦᠪᠥᠷᠢ ᠪᠠ ᠨᠢᠭᠡ ᠯᠡ ᠤᠳᠠᠭᠠᠨ ᠤ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠡᠶᠢᠯᠡᠭᠦᠯᠦᠨ ᠬᠡᠷᠡᠭᠵᠢᠭᠦᠯᠵᠦ᠂ 2024 ᠣᠨ ᠳᠤ ᠨᠡᠶᠢᠲᠡ 2627 ᠠᠵᠤ ᠠᠬᠤᠶᠢᠯᠠᠯ ᠳᠤ ᠨᠢᠭᠡ ᠯᠡ ᠤᠳᠠᠭᠠᠨ ᠤ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ | ᠨᠥᠬᠦᠪᠥᠷᠢ ᠶᠢ 1907.4 ᠲᠦᠮᠡᠨ ᠲᠥᠭᠦᠷᠢᠭ ᠲᠠᠷᠬᠠᠭᠠᠵᠤ᠂ ᠠᠵᠤ ᠠᠬᠤᠶᠢᠯᠠᠯ ᠤᠨ 1.27 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯ | ᠠᠯᠳᠠᠭᠰᠠᠳ ᠲᠤ ᠠᠵᠢᠯ ᠣᠯᠭᠤᠬᠤ ᠳᠤ ᠨᠢ ᠳᠡᠮᠵᠢᠪᠡ᠃ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ |