2 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠢ | ᠤᠬᠠᠭᠠᠯᠠᠨ ᠲᠥᠯᠥᠪᠵᠢᠭᠦᠯᠬᠦ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠪᠥᠬᠦ | ᠣᠷᠣᠨ ᠤ ᠬᠤᠶᠠᠷ ᠬᠤᠷᠠᠯ ᠤᠨ ᠭᠤᠣᠯᠳᠠᠯᠭ᠎ᠠ ᠲᠠᠢ ᠡᠭᠦᠷᠭᠡ ᠶᠢ ᠳᠠᠬᠢᠨ ᠲᠣᠬᠢᠷᠠᠭᠤᠯᠵᠤ ᠳᠠᠬᠢᠨ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠸᠠᠩ ᡁᠢ ᠴᠢᠶᠠᠩ᠂ ᠴᠢᠬᠤᠯᠠ ᠶᠡᠭᠡ ᠲᠥᠷᠥᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠴᠢᠬᠤᠯᠠ ᠠᠴᠢᠶᠠᠯᠠᠪᠤᠷᠢ ᠪᠣᠯᠣᠨ᠎ᠠ᠂ ᠴᠢᠬᠤᠯᠠ ᠶᠡᠭᠡ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠦᠷᠭᠡᠨ ᠡᠬᠢᠯᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ | ᠴᠢᠬᠤᠯᠠ ᠬᠦᠴᠦᠨ ᠵᠦᠢᠯ ᠢ ᠪᠠᠲᠤᠯᠠᠬᠤ᠂ ᠪᠦᠲᠦᠭᠡᠨ ᠪᠠᠶᠢᠭᠤᠯᠤᠯᠲᠠ ᠬᠢᠵᠦ ᠠᠰᠢᠭᠯᠠᠯᠲᠠ ᠳᠤ ᠣᠷᠣᠭᠤᠯᠬᠤ ᠲᠠᠯ᠎ᠠ ᠪᠠᠷ ᠥᠷᠯᠥᠭᠡ ᠦᠳᠡᠰᠢ ᠶᠢ ᠲᠡᠮᠡᠴᠡᠵᠦ ᠴᠠᠭ | ᠮᠥᠴᠡ ᠲᠠᠢ ᠤᠷᠤᠯᠳᠤᠨ ᠠᠵᠢᠯᠯᠠᠵᠤ᠂ ᠡᠪᠦᠯ ᠤᠨ ᠤᠯᠠᠷᠢᠯ ᠤᠨ 1900 ᠭᠠᠷᠤᠢ ᠪᠠᠷᠢᠯᠭ᠎ᠠ ᠶᠢᠨ ᠠᠵᠢᠯ ᠢ ᠪᠥᠬᠦᠨ ᠢ ᠦᠨᠡᠨ ᠪᠣᠳᠠᠲᠠᠢ ᠡᠬᠢᠯᠡᠭᠦᠯᠬᠦ ᠬᠡᠷᠡᠭᠲᠡᠢ᠃ | ᠰᠡᠳᠬᠢᠴᠡ ᠪᠠᠨ ᠰᠢᠨᠡᠴᠢᠯᠡᠵᠦ᠂ ᠲᠥᠷᠥᠯ ᠵᠦᠢᠯ ᠤᠨ ᠪᠡᠯᠡ ᠣᠷᠤᠭᠤᠯᠤᠯᠲᠠ ᠶᠢᠨ ᠪᠥᠬᠦ ᠦᠶᠡᠯᠡᠯ ᠤᠨ ᠬᠤᠭᠤᠴᠠᠭ᠎ᠠ ᠠᠴᠠ ᠤᠬᠠᠭᠠᠯᠠᠨ ᠲᠥᠯᠥᠪᠵᠢᠭᠦᠯᠬᠦ ᠶᠠᠰᠤ | ᠴᠢᠨᠠᠷ ᠢ ᠳᠡᠭᠡᠭᠰᠢᠯᠡᠭᠦᠯᠬᠦ ᠬᠦᠷᠲᠡᠯ᠎ᠡ ︽ᠨᠢᠭᠡ ᠵᠢᠯ ᠳᠤ ᠣᠯᠠᠨ ᠤᠳᠠᠭ᠎ᠠ︾ ᠦᠷᠭᠦᠯᠵᠢᠯᠡᠨ ᠠᠬᠢᠭᠤᠯᠬᠤ ᠰᠢᠨ᠎ᠡ ᠲᠣᠭᠲᠠᠴᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠪᠡᠯᠡ ᠣᠷᠤᠭᠤᠯᠤᠯᠲᠠ ᠶᠢᠨ ᠥᠨᠳᠥᠷ ᠰᠠᠭᠤᠷᠢ ᠲᠣᠭᠠᠨ ᠤ ᠳᠡᠭᠡᠷ᠎ᠡ ᠦᠷᠭᠦᠯᠵᠢᠯᠡᠨ ᠥᠨᠳᠥᠷ ᠨᠡᠮᠡᠭᠳᠡᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠠᠵᠢᠯ ᠬᠢᠬᠦ ᠶᠢ ᠲᠡᠷᠢᠭᠦᠨ ᠳᠤ ᠲᠠᠯᠪᠢᠵᠤ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠵᠤ ᠦᠢᠯᠡᠰ᠂ ᠡᠬᠢ ᠪᠠᠶᠠᠯᠢᠭ᠂ ᠪᠡᠯᠡ ᠮᠥᠩᠭᠦ ᠶᠢᠨ ᠲᠣᠭᠤᠷᠢᠨ ᠳᠤ | ᠨᠡᠩ ᠣᠯᠠᠨ ᠰᠠᠶᠢᠨ ᠲᠥᠷᠥᠯ ᠵᠦᠢᠯ ᠢ ᠰᠠᠶᠢᠲᠤᠷ ᠤᠬᠠᠭᠠᠯᠠᠨ ᠲᠥᠯᠥᠪᠵᠢᠭᠦᠯᠵᠦ ᠬᠡᠷᠡᠭᠵᠢᠭᠦᠯᠦᠨ᠂ ᠲᠦᠷᠦᠭᠦᠦ ᠤᠯᠠᠷᠢᠯ ᠳᠤ ︽ᠰᠠᠶᠢᠨ ᠡᠬᠢᠯᠡᠯᠲᠡ︾ ᠲᠠᠢ | ᠪᠠᠶᠢᠬᠤ ᠶᠢ ᠪᠠᠲᠤᠯᠠᠵᠤ᠂ ︽ᠪᠥᠬᠦ ᠵᠢᠯ ᠳᠤ ᠰᠠᠶᠢᠨ ᠪᠠᠶᠢᠬᠤ︾ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠪᠡ᠃ | |