ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠤᠭᠡᠷ | ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ | ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ ᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠵᠠᠭᠤᠨ ᠵᠢᠯ ᠤᠨ ᠲᠤᠮᠤ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ | ᠪᠠᠶᠢᠭᠤᠯᠤᠯᠲᠠ ᠴᠡᠪᠡᠷ ᠪᠤᠰᠤ᠂ ᠰᠤᠷᠲᠠᠯ ᠴᠡᠪᠡᠷ ᠪᠤᠰᠤ ᠵᠡᠷᠭᠡ ᠲᠤᠪᠤᠶᠢᠮ᠎ᠠ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ᠂ ᠢᠯᠵᠢᠷᠠᠯ ᠢ | ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ ᠪᠠᠶᠢᠳᠠᠯ ᠰᠢᠨ᠎ᠡ ᠠᠰᠠᠭᠤᠳᠠᠯ ᠲᠠᠰᠤᠷᠠᠯᠳᠠ | ᠦᠭᠡᠢ ᠢᠯᠡᠷᠡᠨ ᠭᠠᠷᠴᠤ᠂ ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ ᠶᠡᠭᠡ ᠰᠢᠯᠭᠠᠯᠲᠠ︾᠂ ︽ᠲᠦᠷᠪᠡᠨ ᠵᠦᠢᠯ ᠤᠨ ᠠᠶᠤᠯ ᠲᠦᠭᠰᠢᠭᠦᠷᠢ︾ ᠤᠷᠳᠤ | ᠬᠤᠭᠤᠴᠠᠭ᠎ᠠ ᠪᠠᠷ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ | ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ ᠦᠭᠡᠢ ᠶᠤᠮ᠃ ᠪᠦᠬᠦ ᠨᠠᠮ ᠢᠶᠠᠷ ᠢᠶᠠᠨ ᠡᠷᠬᠡᠪᠰᠢ ᠰᠢᠯᠭᠠᠯᠲᠠ ᠳᠤ ᠣᠷᠣᠯᠴᠠᠬᠤ ᠰᠤᠨᠤᠷ ᠰᠡᠷᠭᠡᠭ ᠪᠠ | ᠡᠷᠡᠰ ᠵᠤᠷᠢᠭ ᠢᠶᠠᠨ ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠳᠠᠰᠤᠷᠠᠯᠳᠠ ᠦᠭᠡᠢ ᠤᠷᠤᠬᠰᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠣᠭᠤᠯᠤᠭᠰᠠᠨ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ | ᠮᠦᠨ᠂ ᠨᠠᠮ ᠤᠨ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠶ | ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ | ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠶᠡᠷᠦᠩᠬᠡᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠭᠢᠬᠦᠶ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢᠨ ᠠᠭᠤᠯᠭ᠎ᠠ ᠶᠢ ᠪᠦᠬᠦᠨ ᠢ ᠬᠠᠮᠤᠷᠬᠤ᠂ ᠳ᠋ᠦᠢᠰᠢᠶᠠᠩ ᠢ ᠪᠦᠬᠦᠨ ᠢ ᠬᠠᠮᠤᠷᠬᠤ᠂ ᠬᠠᠷᠢᠭᠤᠴᠠᠯᠭ᠎ᠠ ᠶᠢᠨ ᠪᠦᠬᠦ ᠬᠡᠯᠬᠢᠶ᠎ᠡ᠂ ᠳᠦᠷᠢᠮ ᠢ ᠪᠦᠷᠢᠨ | ᠨᠡᠪᠲᠡᠷᠡᠭᠦᠯᠬᠦ ᠶᠢ ᠠᠬᠢᠭᠤᠯᠵᠤ᠂ ᠬᠦᠴᠦᠨ ᠵᠦᠢᠯ ᠪᠦᠷᠢᠨ ᠭᠦᠢᠴᠡᠳ ᠪᠠᠶᠢᠬᠤ᠂ ᠴᠢᠳᠠᠪᠤᠷᠢ ᠲᠡᠭᠦᠯᠳᠡᠷ ᠪᠠᠶᠢᠬᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ᠂ | ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠲᠤᠬᠠᠢ 5 ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃ ᠨᠢᠭᠡ ᠳᠤ᠂ | ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ᠂ ᠬᠡᠷᠡᠭᠵᠢᠭᠦᠯᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠨᠠᠮ ᠤᠨ | ᠤᠳᠤᠷᠢᠳᠤᠯᠭ᠎ᠠ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠤᠨ ᠵᠣᠬᠢᠶᠠᠨ | ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠴᠥᠮ ᠡᠷᠬᠡᠪᠰᠢ ᠡᠷᠡᠰ ᠴᠢᠩᠭ᠎ᠠ ᠬᠦᠴᠦᠲᠡᠢ | ᠂ ᠢᠯᠭᠤᠮ ᠤᠷᠤᠭᠰᠢᠲᠠᠢ ᠶᠠᠪᠤᠭᠳᠠᠭᠤᠯᠬᠤ ᠬᠡᠷᠡᠭᠲᠡᠢ᠃ ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ᠂ ᠨᠠᠮ ᠤᠨ | ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠪᠠᠯ ᠰᠠᠶ᠋ᠢ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ ᠴᠢᠳᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠨᠢᠭᠲᠠ ᠴᠢᠩᠭ᠎ᠠ ᠪᠣᠯᠭᠠᠬᠤ ᠶᠢᠨ ᠵᠠᠩᠭᠢᠯᠠᠭ᠎ᠠ ᠨᠢ ᠨᠠᠮ ᠤᠨ ᠲᠥᠪ ᠬᠤᠷᠢᠶ᠎ᠡ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠬᠤ ᠳᠤ ᠪᠤᠢ᠂ ᠡᠭᠦᠨ ᠤ ᠦᠨᠳᠦᠰᠦ ᠨᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠪᠠᠶᠢᠳᠠᠭ᠃ ᠬᠤᠶᠠᠷ ᠲᠤ᠂ ᠤᠭ ᠦᠨᠳᠦᠰᠦ ᠶᠢ ᠨᠢ | ᠪᠠᠬᠢᠵᠢᠭᠦᠯᠦᠨ ᠬᠦᠮᠦᠵᠢᠭᠦᠯᠬᠦ᠂ ᠰᠡᠳᠬᠢᠯ ᠨᠢᠬᠡᠳᠦᠨ ᠰᠦᠭ ᠰᠦᠨᠡᠰᠦ ᠶᠢ ᠱᠤᠭᠤᠬᠤ ᠬᠥᠮᠦᠵᠢᠯ ᠤᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠰᠢᠨᠵᠢᠯᠡᠬᠦ | ᠤᠬᠠᠭᠠᠨᠴᠢ ᠤᠨᠤᠯ ᠢ ᠡᠵᠡᠮᠰᠢᠵᠦ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠪᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠠᠶ᠋ᠢ ᠪᠠᠲᠤ ᠪᠠᠬᠢ | ᠲᠤᠯᠭᠠᠭᠤᠷᠢᠯᠠᠯ ᠲᠠᠢ ᠪᠣᠯᠵᠤ ᠴᠢᠳᠠᠨ᠎ᠠ᠃ ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ᠂ ᠨᠠᠮᠴᠢ ᠴᠢᠨᠠᠷ ᠤᠨ ᠬᠥᠮᠦᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ | ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ | ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠤᠨᠢᠨ ᠳᠡᠭᠡᠷ᠎ᠡ ᠨᠢ ᠬᠦᠴᠦᠯᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ᠂ | ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ᠃ ᠨᠠᠮ ᠤᠨ ᠪᠠᠶᠢᠳᠠᠯ ᠨᠠᠮ ᠤᠨ | ᠰᠤᠷᠲᠠᠯ ᠤᠨ ᠰᠢᠨ᠎ᠡ ᠬᠠᠨᠳᠤᠰᠢ ᠶᠢ ᠨᠢᠭᠲᠠ ᠠᠩᠬᠠᠷᠬᠤ ᠪᠠ ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠦᠨᠳᠦᠰᠦ | ᠰᠤᠷᠪᠤᠯᠵᠢ ᠠᠴᠠ ᠨᠢ ᠵᠠᠰᠠᠵᠤ᠂ ᠦᠩᠭᠡᠨ ᠲᠠᠯ᠎ᠠ ᠶᠢ ᠨᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠶᠢ ᠨᠢ ᠵᠠᠰᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ | ᠨᠠᠷᠢᠯᠢᠭ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨᠴᠢ ᠪᠦᠷᠢᠨ ᠲᠦᠬᠦᠷ᠂ | ᠪᠦᠲᠦᠮᠵᠢᠲᠡᠶ ᠬᠡᠷᠡᠭᠴᠡᠭᠡᠲᠡᠢ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ ᠴᠢᠨᠠᠷ᠂ | ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ᠃ | ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠡᠷᠡᠭᠴᠡᠭᠡ ᠲᠠᠢ ᠵᠣᠬᠢᠴᠠᠭᠤᠯᠵᠤ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠲᠠᠢ ᠢᠵᠢ | ᠪᠦᠷᠢᠳᠦᠭᠦᠯᠵᠦ᠂ ᠳᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ᠃ ᠡᠭᠦᠨ ᠤ ᠬᠠᠮᠳᠦ᠂ ᠳᠦᠷᠢᠮ ᠨᠢ ᠬᠡᠲᠦᠷᠬᠡᠢ ᠶᠠᠷᠰᠢᠭ ᠲᠦᠪᠡᠭ ᠲᠠᠢ | ᠪᠣᠯᠵᠤ᠂ ︽ᠳᠦᠷᠢᠮ ᠤᠨ ᠤᠨᠠᠭᠤᠯᠢ︾ ᠳᠤ ᠤᠨᠠᠬᠤ ᠶᠢ ᠴᠤ ᠰᠡᠷᠭᠡᠶᠢᠯᠡᠬᠦ ᠬᠡᠷᠡᠭᠲᠡᠢ᠃ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ | ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ᠃ ᠲᠠᠪᠤ ᠳᠤ᠂ ᠭᠤᠤᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ | ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠡᠷᠬᠡᠪᠰᠢ ᠲᠡᠰ | ᠳᠠᠪᠬᠤᠷᠭ᠎ᠠ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ | ᠬᠠᠷᠢᠭᠤᠴᠠᠯᠭ᠎ᠠ ᠪᠠᠨ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ | ᠵᠣᠬᠢᠶᠠᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ | ᠠᠬᠢᠭᠤᠯᠬᠤ ᠳᠤ᠂ ᠨᠠᠮ ᠤᠨ ᠲᠥᠪ ᠬᠤᠷᠢᠶ᠎ᠡ ᠶᠢᠨ ᠤᠯᠤᠰ ᠲᠦᠷᠦ ᠶᠢᠨ ᠲᠣᠪᠴᠢᠶ᠎ᠡ ᠶᠢᠨ ᠨᠥᠬᠦᠳ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠤ᠂ | ᠥᠪᠡᠷ ᠢ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠬᠦ ᠨᠠᠮ ᠢ ᠪᠦᠯᠬᠦᠮᠳᠡᠭᠦᠯᠦᠨ | ᠳᠠᠭᠠᠭᠤᠯᠵᠤ ᠨᠠᠮ ᠢ ᠰᠠᠶᠢᠲᠤᠷ ᠵᠠᠰᠠᠵᠤ᠂ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ |