ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 15 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ 38 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠲᠦᠷᠦᠭᠦᠴᠦᠳ ᠤᠨ ᠬᠤᠷᠠᠯ ᠳᠤ ᠴᠠᠬᠢᠯᠭᠠᠨ ᠴᠢᠮᠡᠭᠡ ᠶᠠᠪᠤᠭᠤᠯᠵᠤ᠂ | ᠠᠹᠷᠢᠺᠠ ᠲᠢᠪ ᠤᠨ ᠤᠯᠤᠰ ᠤᠳ ᠪᠣᠯᠤᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠭᠡᠪᠡ᠃ | ᠰᠢ ᠶᠢᠨ ᠫᠢᠩ᠂ ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠪᠣᠯᠤᠨ ᠠᠹᠷᠢᠺᠠ ᠲᠢᠪ ᠢᠶᠠᠷ | ᠲᠥᠯᠥᠭᠡᠯᠡᠭᠦᠯᠦᠭᠰᠡᠨ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠢᠯᠡᠷᠭᠡᠢ ᠪᠤᠵᠠᠭᠠᠶᠢᠷᠠᠪᠠ᠃ ᠥᠩᠭᠡᠷᠡᠭᠰᠡᠨ ᠨᠢᠭᠡ ᠵᠢᠯ ᠳᠤ᠂ ᠠᠹᠷᠢᠺᠠ ᠲᠢᠪ ᠤᠨ | ᠤᠯᠤᠰ ᠤᠳ ᠤᠨ ᠬᠤᠯᠪᠣᠭ᠎ᠠ ᠠᠹᠷᠢᠺᠠ ᠲᠢᠪ ᠤᠨ ᠤᠯᠤᠰ ᠤᠳ ᠢ ᠪᠦᠯᠬᠦᠮᠳᠡᠭᠦᠯᠦᠨ ᠳᠠᠭᠠᠭᠤᠯᠵᠤ᠂ ᠨᠢᠭᠡ ᠴᠤᠬᠴᠠᠵᠢᠭᠤᠯᠬᠤ ᠪᠦᠲᠦᠭᠡᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠭᠠᠵᠠᠷ ᠣᠷᠣᠨ ᠪᠠ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠤ᠂ ︽ᠠᠹᠷᠢᠺᠠ ᠲᠢᠪ ᠤᠨ ᠳᠠᠭᠤᠨ︾ | ᠢ ᠨᠢᠭᠡᠳᠦᠯᠲᠡᠢ ᠳᠤᠷᠠᠳᠴᠤ᠂ ᠠᠹᠷᠢᠺᠠ ᠲᠢᠪ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠠᠹᠷᠢᠺᠠ ᠲᠢᠪ ᠤᠨ ᠤᠯᠤᠰ ᠪᠣᠯᠤᠨ ᠠᠷᠠᠳ ᠲᠦᠮᠡᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠥᠭᠵᠢᠨ ᠮᠠᠨᠳᠤᠬᠤ ᠵᠠᠮ ᠳᠡᠭᠡᠷ᠎ᠡ ᠲᠠᠰᠤᠷᠠᠯᠲᠠ ᠦᠭᠡᠢ ᠨᠡᠩ ᠶᠡᠭᠡ | ᠰᠢᠨ᠎ᠡ ᠠᠮᠵᠢᠯᠲᠠ ᠤᠯᠬᠤ ᠶᠢ ᠴᠢᠩ ᠰᠡᠳᠭᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ 2024 ᠣᠨ ᠪᠣᠯ ᠳᠤᠮᠳᠠᠳᠤ ᠠᠹᠷᠢᠺᠠ ᠶᠢᠨ ᠬᠠᠷᠢᠯᠴᠠᠭ᠎ᠠ ᠥᠷᠨᠢᠭᠦᠨ ᠬᠥᠭᠵᠢᠭᠰᠡᠨ ᠨᠢᠭᠡ ᠵᠢᠯ ᠪᠣᠯᠤᠨ᠎ᠠ᠃ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠪᠣᠯᠤᠨ ᠠᠹᠷᠢᠺᠠ | ᠲᠢᠪ ᠰᠢᠨ᠎ᠡ ᠴᠠᠭ ᠦᠶ᠎ᠡ ᠶᠢᠨ ᠦᠷᠭᠦᠯᠵᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠳᠤ ᠦᠶ᠎ᠡ ᠶᠢ ᠡᠬᠢᠯᠡᠭᠦᠯᠵᠦ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠠᠭ ᠦᠶ᠎ᠡ ᠶᠢᠨ ᠡᠮᠦᠨ᠎ᠡ ᠡᠩᠨᠡᠭᠡᠨ ᠳᠤ ᠦᠷᠭᠦᠯᠵᠢᠯᠡᠨ ᠵᠠᠮᠨᠠᠪᠠ᠃ ᠪᠢ | ᠳᠤᠷᠠᠲᠠᠶ᠎ᠠ ᠠᠹᠷᠢᠺᠠ ᠲᠢᠪ ᠤᠨ ᠤᠯᠤᠰ ᠤᠳ ᠤᠨ ᠤᠳᠤᠷᠢᠳᠬᠤ ᠬᠥᠮᠦᠰ ᠲᠠᠢ ᠬᠠᠮᠲᠤ ᠪᠠᠷ᠂ ᠳᠤᠮᠳᠠᠳᠤ ᠠᠹᠷᠢᠺᠠ ᠭᠠᠷ ᠬᠤᠯᠪᠣᠯᠴᠠᠨ ᠣᠳᠣᠬᠢᠴᠢᠯᠠᠯᠲᠠ ᠶᠢ | ᠠᠬᠢᠭᠤᠯᠬᠤ ᠵᠢᠷᠭᠤᠭᠠᠨ ᠶᠡᠭᠡ ᠵᠣᠷᠢᠯᠲᠠ ᠪᠣᠯᠤᠨ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠦᠨᠡᠨ | ᠪᠣᠳᠠᠲᠠᠢ ᠦᠷ᠎ᠡ ᠪᠦᠲᠦᠮᠵᠢ ᠪᠠᠷ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ |