2025 ᠣᠨ ᠳᠤ ᠮᠠᠨ ᠤ ᠣᠷᠣᠨ ᠲᠠᠷᠢᠶᠠᠯᠠᠩ ᠤᠨ ᠤᠰᠤ ᠬᠡᠷᠡᠭᠯᠡᠬᠦ ᠳᠤ ᠠᠷᠪᠢᠲᠠᠢ ᠡᠷᠴᠢᠮᠯᠢᠭ ᠬᠡᠷᠡᠭᠯᠡᠬᠦ ᠶᠢ ᠪᠥᠬᠦ ᠲᠠᠯ᠎ᠠ ᠪᠠᠷ ᠠᠬᠢᠭᠤᠯᠵᠤ  ᠲᠠᠷᠢᠶᠠᠯᠠᠩ ᠤᠨ  ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2025/2/18
      ᠨᠢᠭᠡ ᠳᠤ᠂ ︽ᠤᠰᠤ ᠠᠷᠪᠢᠯᠠᠬᠤ︾᠎ ᠪᠠᠷ ᠭᠤᠣᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤ ᠬᠠᠳᠠᠭᠠᠯᠠᠬᠤ ᠬᠥᠭᠡᠷᠭᠡ ᠶᠢᠨ ᠦᠷᠳᠡᠭᠡ᠂ ᠬᠠᠲᠤᠨ ᠭᠤᠣᠯ ᠤᠨ ᠤᠰᠤ ᠶᠢ ᠲᠠᠲᠠᠨ ᠠᠷᠢᠯᠭᠠᠵᠤ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠥᠨᠳᠥᠷ ᠪᠠᠷᠢᠮᠵᠢᠶᠠᠲᠤ ᠤᠰᠤ ᠠᠷᠪᠢᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 20 ᠪᠠᠶᠢᠭᠤᠯᠤᠨ᠎ᠠ︔ ᠰᠤᠪᠠᠭ ᠢ ᠳᠣᠲᠣᠷᠯᠠᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠠᠯᠠᠪᠠᠢ ᠶᠢ 37 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠪᠣᠷᠣᠳᠣᠬᠤᠢ᠂ ᠳ᠋ᠧᠩᠺᠸᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠲᠠᠯᠠᠪᠠᠢ ᠶᠢ ᠰᠠᠶᠢᠵᠢᠷᠠᠭᠤᠯᠬᠤ ᠪᠠᠷ 30 ᠲᠦᠮᠡᠨ ᠮᠦ ᠠᠴᠠ ᠳᠡᠭᠡᠭᠰᠢ ᠪᠠᠶᠢᠯᠭᠠᠨ᠎ᠠ᠃ ᠬᠤᠶᠠᠷ ᠲᠤ᠂ ᠤᠰᠤ ᠠᠷᠪᠢᠯᠠᠬᠤ ᠲᠥᠬᠦᠭᠡᠷᠦᠮᠵᠢ ᠶᠢ ᠳᠡᠭᠡᠭᠰᠢᠯᠡᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠬᠤᠭᠤᠯᠠᠢ ᠭᠤᠤᠷᠰᠤ ᠪᠠᠷ ᠤᠰᠤᠯᠠᠬᠤ ᠵᠡᠷᠭᠡ ᠶᠢ ᠭᠤᠣᠯᠳᠠᠯᠭ᠎ᠠ ᠲᠠᠢ ᠪᠠᠷ ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠨ᠎ᠠ᠂ ᠬᠤᠭᠤᠯᠠᠢ ᠭᠤᠤᠷᠰᠤ ᠪᠠᠷ ᠤᠰᠤᠯᠠᠬᠤ ᠶᠢ ᠥᠭᠡᠷᠡᠴᠢᠯᠡᠨ ᠰᠠᠶᠢᠵᠢᠷᠠᠭᠤᠯᠤᠭᠠᠳ ᠳᠤᠰᠤᠯᠭᠠᠨ ᠤᠰᠤᠯᠠᠬᠤ ᠪᠣᠯᠭᠠᠬᠤ ᠵᠡᠷᠭᠡ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ 150 ᠲᠦᠮᠡᠨ ᠮᠦ ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 27 ᠲᠦᠮᠡᠨ ᠮᠦ ᠠᠴᠠ ᠳᠡᠭᠡᠭᠰᠢ ᠪᠦᠲᠦᠭᠡᠨ ᠪᠠᠶᠢᠭᠤᠯᠤᠨ᠎ᠠ᠃ ᠭᠤᠷᠪᠠ ᠳᠤ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠶᠤᠨᠴᠢ ᠨᠠᠷᠢᠯᠢᠭ ᠣᠨᠣᠴᠠᠲᠠᠢ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠎ᠡ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ 271 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠶᠢᠨ ᠨᠡᠮᠡᠭᠳᠡᠯ ᠢ ᠠᠬᠢᠭᠤᠯᠬᠤ ᠰᠢᠶᠠᠨ ᠢ 20 ᠪᠠᠶᠢᠭᠤᠯᠤᠨ᠎ᠠ︔ ᠭᠠᠩ ᠬᠠᠭᠰᠠᠷᠠᠭᠠᠨ ᠢ ᠳᠠᠭᠠᠭᠠᠬᠤ ᠰᠥᠷᠬᠦ ᠶᠢ ᠳᠠᠭᠠᠭᠠᠬᠤ ᠰᠢᠨ᠎ᠡ ᠡᠭᠦᠯᠳᠡᠷ ᠪᠣᠯᠣᠨ ᠢᠵᠢ ᠪᠦᠷᠢᠳᠦᠭᠦᠯᠦᠭᠰᠡᠨ ᠭᠠᠩ ᠬᠠᠭᠰᠠᠷᠠᠭᠠᠨ ᠢ ᠳᠠᠭᠠᠭᠠᠬᠤ ᠮᠡᠷᠭᠡᠵᠢᠯ ᠢ 93.5 ᠲᠦᠮᠡᠨ ᠮᠦ ᠳᠡᠯᠭᠡᠷᠡᠭᠦᠯᠦᠨ᠎ᠡ᠃ ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ