ᠬᠥᠬᠡᠬᠤᠲᠠ ᠶᠢᠨ ᠭᠤᠷᠪᠠᠨ ᠣᠶᠤᠨᠴᠢ ᠪᠣᠳᠣᠯᠲᠠ ᠶᠢᠨ ᠲᠥᠪ ᠲᠤ DeepSeek ᠪᠦᠬᠦᠯᠢ ᠬᠡᠮᠵᠢᠶᠡᠨ ᠤ ᠵᠠᠭᠪᠤᠷ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/2/18
      ᠬᠥᠬᠡᠬᠤᠲᠠ ᠶᠢᠨ ᠭᠤᠷᠪᠠᠨ ᠣᠶᠤᠨᠴᠢ ᠪᠣᠳᠣᠯᠲᠠ ᠶᠢᠨ ᠲᠥᠪ ᠲᠤ DeepSeek ᠪᠦᠬᠦᠯᠢ ᠬᠡᠮᠵᠢᠶᠡᠨ ᠤ ᠵᠠᠭᠪᠤᠷ ᠢ ᠪᠠᠶᠢᠷᠢᠯᠠᠭᠤᠯᠪᠠ᠃ 2 ᠳ᠋ᠤᠭᠠᠷ ᠰᠠᠷ᠎ᠠ ᠶᠢᠨ 5᠎ ᠤ ᠡᠳᠦᠷ ᠠᠴᠠ ᠡᠬᠢᠯᠡᠨ᠂ ᠰᠢᠯᠵᠢᠮᠡᠯ ᠬᠤᠯᠪᠣᠭᠠᠨ ᠤ ᠡᠭᠦᠯᠡᠨ ᠲᠠᠪᠴᠠᠩ Deepseek ᠢ ᠪᠥᠬᠦ ᠲᠠᠯ᠎ᠠ ᠪᠠᠷ ᠰᠦᠯᠵᠢᠶᠡᠨ ᠳᠤ ᠣᠷᠣᠭᠤᠯᠵᠤ᠂ ᠪᠥᠬᠦ ᠬᠡᠪ ᠠᠭᠤᠯᠭ᠎ᠠ ᠶᠢ ᠬᠠᠮᠲᠤᠷᠠᠭᠰᠠᠨ᠂ ᠪᠥᠬᠦ ᠬᠡᠪ ᠪᠠᠷᠢᠮᠵᠢᠶᠠᠨ ᠳᠤ ᠲᠣᠬᠢᠷᠠᠯᠴᠠᠭᠰᠠᠨ᠂ ᠪᠥᠬᠦ ᠦᠢᠯᠡᠳᠦᠯ ᠴᠢᠳᠠᠮᠵᠢ ᠪᠠᠷ ᠨᠢ ᠰᠠᠭᠠᠳ ᠦᠭᠡᠢ ᠬᠡᠷᠡᠭᠯᠡᠵᠦ ᠪᠣᠯᠬᠤ ᠪᠣᠯᠭᠠᠪᠠ︔ ᠪᠢᠩ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠶᠤᠨᠴᠢ ᠡᠭᠦᠯᠡᠨ ᠪᠣᠳᠣᠯᠲᠠ ᠶᠢᠨ ᠲᠠᠪᠴᠠᠩ ᠴᠤ DeepSeek ᠵᠠᠭᠪᠤᠷ ᠤᠨ ᠪᠠᠶᠢᠷᠢᠯᠠᠭᠤᠯᠤᠯᠲᠠ ᠶᠢ ᠲᠦᠷᠭᠡᠨ ᠪᠡᠶᠡᠯᠡᠭᠦᠯᠪᠡ︔ ᠳ᠋ᠦᠩ ᠹᠠᠩ ᠭᠦᠸᠧ ᠰᠢᠨ ᠤ ᠲᠤᠰᠠᠯᠠᠭᠴᠢ ᠣᠶᠤᠨᠴᠢ ᠳ᠋ᠠᠶᠢᠲ᠋ᠠ᠂ ᠲᠣᠮᠣ ᠵᠠᠭᠪᠤᠷ ᠤᠨ ᠪᠣᠯᠪᠠᠰᠤᠷᠠᠭᠤᠯᠤᠨ ᠳᠡᠯᠭᠡᠷᠡᠭᠦᠯᠬᠦ ᠲᠠᠪᠴᠠᠩ ᠵᠡᠷᠭᠡ ᠪᠦᠲᠦᠭᠡᠭᠳᠡᠬᠦᠨ᠋ ᠨᠢ DeepSeek-R1 ᠰᠢᠷᠢᠰ ᠲᠣᠮᠣ ᠵᠠᠭᠪᠤᠷ ᠯᠤᠭ᠎ᠠ ᠶᠢᠨ ᠭᠦᠨᠵᠡᠭᠡᠢ ᠬᠤᠷᠠᠭᠤᠯᠬᠤ ᠶᠢ ᠪᠡᠶᠡᠯᠡᠭᠦᠯᠵᠡᠢ᠃ ᠡᠨᠡ ᠨᠢ ᠬᠤᠷᠢᠨᠭᠡᠷ ᠰᠢᠨ᠎ᠡ ᠲᠣᠭᠤᠷᠢᠭ ᠤᠨ ᠭᠤᠷᠪᠠᠨ ᠣᠶᠤᠨᠴᠢ ᠪᠣᠳᠣᠯᠲᠠ ᠶᠢᠨ ᠲᠥᠪ ᠨᠢᠭᠡᠨᠲᠡ ᠪᠣᠯᠪᠠᠰᠤᠷᠠᠩᠭᠤᠢ ᠨᠥᠬᠦᠴᠡᠯ ᠤᠳ ᠢ ᠪᠦᠷᠢᠯᠳᠦᠭᠦᠯᠦᠭᠡᠳ᠂ DeepSeek ᠳᠤ ᠰᠢᠯᠢᠳᠡᠭ ᠪᠣᠳᠣᠯᠲᠠ ᠶᠢᠨ ᠬᠦᠴᠦᠨ ᠤ ᠦᠢᠯᠡᠴᠢᠯᠡᠭᠡ ᠬᠠᠩᠭᠠᠵᠤ ᠳᠡᠶᠢᠯᠬᠦ ᠪᠣᠯᠤᠭᠰᠠᠨ ᠢ ᠬᠠᠷᠠᠭᠤᠯᠵᠤ ᠪᠠᠶᠢᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ᠂ ᠬᠤᠷᠢᠨᠭᠡᠷ ᠰᠢᠶᠠᠨ ᠤ ᠵᠠᠰᠠᠭ ᠤᠨ ᠣᠷᠳᠣᠨ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ