ᠡᠳ᠋ ᠤᠨ ᠵᠠᠰᠠᠭ ᠤᠨ ᠲᠢᠩᠬᠢᠮ 2025 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠨᠤᠭᠤᠳ ᠲᠤ | ︽ᠬᠤᠣᠰ ᠲᠡᠷᠢᠭᠦᠨ ᠳᠡᠰ︾ ᠤᠨ ᠪᠦᠲᠦᠭᠡᠨ ᠪᠠᠶᠢᠭᠤᠯᠤᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢ 4.95 | ᠳ᠋ᠦᠩᠰᠢᠭᠤᠷ ᠲᠥᠭᠦᠷᠢᠭ ᠲᠣᠬᠢᠷᠠᠭᠤᠯᠪᠠ᠂ 2024 ᠣᠨ ᠤ ᠬᠢ ᠠᠴᠠ 0.82 ᠳ᠋ᠦᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 20% ᠳᠤ | ᠬᠥᠷᠪᠡ᠃ ᠲᠣᠰ ᠤᠳᠠᠭᠠᠨ ᠤ ᠪᠠᠭᠤᠯᠭᠠᠭᠰᠠᠨ ᠪᠡᠯᠡ ᠮᠥᠩᠭᠦ ᠶᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 9 ᠶᠡᠭᠡ ᠳᠡᠭᠡᠳᠦ | ᠰᠤᠷᠭᠠᠭᠤᠯᠢ ᠶᠢᠨ ᠲᠡᠷᠢᠭᠦᠨ ᠳᠡᠰ ᠲᠤ ᠲᠣᠭᠠᠴᠠᠭᠳᠠᠬᠤ 35 ᠬᠢᠴᠢᠶᠡᠯ ᠲᠦᠷᠦᠯ ᠤᠨ ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠵᠦ᠂ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠵᠦᠢ ᠵᠣᠬᠢᠰᠲᠠᠢ ᠪᠠᠶᠢᠷᠢ ᠲᠣᠭᠲᠠᠭᠠᠯᠲᠠ ᠪᠠ ᠣᠨᠴᠠᠯᠢᠭᠲᠤ | ᠬᠥᠭᠵᠢᠯᠲᠡ ᠶᠢ ᠬᠥᠲᠥᠯᠥᠨ ᠵᠢᠯᠤᠭᠤᠳᠴᠤ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭᠠᠨ ᠳᠤ ᠲᠡᠷᠢᠭᠦᠨ ᠤ ᠬᠢ ᠶᠢ ᠴᠢᠷᠮᠠᠶᠢᠨ ᠡᠭᠦᠳᠦᠨ᠎ᠡ᠃ | ᠲᠤᠰᠬᠠᠢ ᠵᠦᠢᠯ ᠤᠨ ᠪᠡᠯᠡ ᠮᠥᠩᠭᠦ ᠳᠤ ᠲᠥᠷᠥᠯ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠢᠩᠬᠢᠨᠢ | ᠠᠩᠭᠢ ᠶᠢᠨ ᠶᠡᠭᠡ ᠳᠡᠭᠡᠳᠦ ᠰᠤᠷᠭᠠᠭᠤᠯᠢ ᠠᠴᠠ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠤ ᠬᠥᠮᠥᠵᠢᠭᠦᠯᠦᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠭᠦᠯᠦᠯᠲᠡ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠢᠨ᠎ᠡ | ᠡᠭᠦᠳᠦᠯᠲᠡ᠂ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠲᠥᠷᠥᠯ ᠵᠦᠢᠯ ᠤᠳ ᠢ ᠲᠣᠬᠢᠷᠠᠭᠤᠯᠬᠤ ᠪᠣᠯᠣᠨ᠎ᠠ᠃ ︵ᠡᠳ᠋ ᠤᠨ ᠵᠠᠰᠠᠭ ᠤᠨ ᠲᠢᠩᠬᠢᠮ︶ | | | |