ᠮᠠᠨ ᠤ ᠣᠷᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠡᠷᠲᠡᠬᠡᠨ ᠲᠣᠬᠢᠷᠠᠭᠤᠯᠤᠨ ᠪᠠᠶᠢᠷᠢᠯᠠᠭᠤᠯᠵᠤ ᠪᠠᠶᠢᠨ᠎ᠠ᠃ ᠨᠢᠭᠡ ᠳᠤ᠂ ᠲᠠᠷᠢᠶᠠᠴᠢᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2024 ᠣᠨ ᠤ ᠰᠡᠭᠦᠯᠴᠢ ᠪᠠᠷ ᠲᠠᠷᠢᠶᠠᠯᠠᠬᠤ ᠭᠠᠵᠠᠷ ᠤᠨ ᠰᠢᠮ᠎ᠡ ᠴᠢᠨᠠᠷ ᠢ ᠬᠠᠮᠠᠭᠠᠯᠠᠬᠤ | ᠨᠡᠮᠡᠭᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠣᠯᠬᠤ ᠠᠵᠢᠯᠯᠠᠭᠠᠨ | ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ 100.2 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ | ᠤᠷᠢᠳᠴᠢᠯᠠᠨ ᠮᠡᠳᠡᠷᠡᠭᠦᠯᠵᠦ᠂ ᠣᠷᠣᠨ ᠨᠤᠲᠤᠭ ᠤᠨ ᠬᠢᠨ ᠤ ᠠᠮᠤ ᠪᠤᠳᠠᠭ᠎ᠠ ᠶᠢ ᠠᠳᠬᠤᠬᠤ ᠪᠠ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ | ᠳᠠᠶᠢᠴᠢᠯᠠᠪᠠ᠃ ᠬᠤᠶᠠᠷ ᠲᠤ᠂ ᠰᠠᠶᠢᠨ ᠲᠠᠷᠢᠶᠠᠨ ᠭᠠᠵᠠᠷ ᠤᠨ ᠰᠠᠭᠤᠷᠢ ᠶᠢ ᠪᠠᠬᠢᠵᠢᠭᠦᠯᠪᠡ᠃ ᠭᠠᠵᠠᠷ ᠰᠢᠷᠣᠢ ᠶᠢ ᠲᠡᠭᠰᠢᠯᠡᠬᠦ ᠬᠠᠮ ᠳᠠᠶᠢᠯᠠᠯᠳᠤᠭᠠᠨ ᠢ ᠥᠷᠨᠢᠭᠦᠯᠵᠦ᠂ | ᠬᠠᠪᠤᠷ ᠤᠨ ᠲᠠᠷᠢᠶᠠᠯᠠᠭ᠎ᠠ ᠠᠴᠠ ᠡᠮᠦᠨ᠎ᠡ 200 ᠲᠦᠮᠡᠨ ᠮᠦ ᠭᠠᠵᠠᠷ ᠢ ᠠᠰᠢᠭᠯᠠᠯᠲᠠ ᠳᠤ ᠣᠷᠣᠭᠤᠯᠵᠤ᠂ ᠪᠥᠬᠦ ᠵᠢᠯ ᠳᠤ 850 ᠲᠦᠮᠡᠨ ᠮᠦ ᠭᠠᠵᠠᠷ ᠢ ᠰᠢᠨ᠎ᠡ ᠪᠠᠷ | ᠪᠠᠶᠢᠭᠤᠯᠬᠤ ᠪᠠᠷ ᠴᠢᠷᠮᠠᠶᠢᠪᠠ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠳᠠᠲᠠᠶᠢᠵᠢᠭᠤᠯᠬᠤ ᠶᠢ ᠪᠠᠲᠤᠯᠠᠪᠠ᠃ ᠣᠳᠣᠬᠠᠨ ᠳᠤ ᠭᠤᠣᠯ ᠪᠣᠯᠬᠤ | ᠲᠠᠷᠢᠮᠠᠯ ᠤᠨ ᠦᠷ᠎ᠡ ᠶᠢ ᠪᠣᠳᠠᠲᠠᠶᠢᠵᠢᠭᠤᠯᠤᠭᠰᠠᠨ ᠨᠣᠷᠮ᠎ᠠ ᠨᠢ 50% ᠣᠷᠴᠢᠮ ᠪᠠᠶᠢᠵᠤ᠂ ᠬᠢᠮᠢ ᠶᠢᠨ ᠪᠣᠷᠳᠣᠭᠤᠷ ᠰᠦᠯᠢᠶᠥᠦ ᠪᠦᠷᠬᠦᠪᠴᠢ ᠲᠠᠷᠢᠶᠠᠨ ᠡᠮ ᠢ | ᠪᠣᠳᠠᠲᠠᠶᠢᠵᠢᠭᠤᠯᠤᠭᠰᠠᠨ ᠨᠣᠷᠮ᠎ᠠ ᠨᠢ 16% ᠣᠷᠴᠢᠮ ᠪᠠᠶᠢᠵᠤ᠂ ᠵᠢᠱᠢᠯᠲᠡ ᠪᠠᠷ 4 ᠳ᠋ᠦ᠋ᠭᠡᠷ ᠰᠠᠷ᠎ᠠ ᠠᠴᠠ ᠡᠮᠦᠨ᠎ᠡ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠢᠶᠠᠨ | ᠪᠦᠬᠦᠨ ᠢ ᠪᠣᠳᠠᠲᠠᠶᠢᠵᠢᠭᠤᠯᠬᠤ ᠪᠠᠷ ᠪᠣᠢ᠃ ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶ | | | |