ᠣᠷᠳᠣᠰ ᠬᠤᠲᠠ ᠶᠢᠨ ᠬᠢᠨ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ | ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠤᠢ᠃ ᠨᠢᠭᠡ ᠳᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ | ᠲᠦᠷᠭᠡᠪᠴᠢᠯᠡᠨ ᠪᠥᠭᠡᠮᠨᠡᠷᠡᠭᠦᠯᠪᠡ᠃ ᠯᠦᠩ ᠵᠢᠢ᠂ ᠶᠤᠸᠠᠨ ᠵᠢᠩ ᠵᠡᠷᠭᠡ ᠲᠣᠯᠣᠭᠠᠶᠢᠯᠠᠭᠴᠢ ᠵᠢᠴᠢ ᠢᠵᠢ ᠪᠦᠷᠢᠳᠦᠭᠦᠯᠦᠭᠰᠡᠨ ᠠᠵᠤ ᠠᠬᠤᠶᠢᠯᠠᠯ ᠢ ᠤᠷᠢᠳ ᠬᠤᠵᠢᠳ | 60 ᠭᠠᠷᠤᠢ ᠡᠷᠦᠬᠡ ᠣᠷᠣᠭᠤᠯᠤᠨ ᠠᠪᠴᠢᠷᠠᠵᠠᠢ᠃ 2023 ᠣᠨ᠂ 2024 ᠣᠨ ᠳᠤ ᠬᠤ᠋ ᠷᠦᠨ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ ᠢ | ᠪᠥᠭᠡᠮᠨᠡᠷᠡᠭᠦᠯᠦᠭᠰᠡᠨ ᠬᠤᠲᠠ ᠶᠢᠨ ᠵᠢᠭᠰᠠᠭᠠᠯᠲᠠ ᠳᠤ ᠲᠣᠰ ᠲᠣᠰ 37 ᠳ᠋ᠤᠭᠠᠷ ᠪᠠ 31 ᠳ᠋ᠦ᠋ᠭᠡᠷ ᠲᠤ ᠵᠢᠭᠰᠠᠭᠠᠭᠳᠠᠵᠤ᠂ ᠪᠡᠯᠡ ᠣᠷᠣᠭᠤᠯᠤᠯᠲᠠ ᠶᠢᠨ ᠬᠠᠯᠠᠮᠰᠢᠯ ᠤᠨ | ᠬᠡᠮᠵᠢᠶ᠎ᠡ᠂ ᠪᠥᠭᠡᠮᠨᠡᠷᠡᠯ ᠤᠨ ᠬᠡᠮᠵᠢᠶᠡᠨ ᠤ ᠨᠡᠷᠡᠰ ᠤᠨ ᠵᠢᠭᠰᠠᠭᠠᠯᠲᠠ ᠳᠤ ᠪᠥᠬᠦ ᠤᠯᠤᠰ ᠲᠠᠬᠢ ᠬᠤᠶᠠᠳᠤᠭᠠᠷ ᠪᠠᠶᠢᠷᠢ ᠪᠠᠨ ᠪᠠᠲᠤᠯᠠᠪᠠ᠃ ᠬᠤᠶᠠᠷ ᠲᠤ᠂ ᠤᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠥᠷᠭᠡᠳᠬᠡᠪᠡ᠃ ᠲᠡᠮᠡᠭᠡᠲᠦ᠂ ᠨᠢᠩ ᠳ᠋ᠦᠩ ᠯᠦᠭᠡ ᠬᠤᠯᠪᠤᠭᠠᠯᠠᠨ | ᠬᠠᠮᠲᠤ ᠪᠠᠷ ᠪᠣᠶᠢᠵᠢᠭᠤᠯᠵᠤ ᠪᠦᠲᠦᠭᠡᠨ ᠪᠠᠶᠢᠭᠤᠯᠤᠭᠰᠠᠨ ᠣᠷᠳᠣᠰ ᠲᠡᠮᠡᠭᠡᠲᠦ ᠨᠢᠩ ᠳ᠋ᠦᠩ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠪᠦᠯᠦᠭᠵᠢᠯ ᠢ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠲᠡᠰ ᠲᠤ ᠠᠮᠵᠢᠯᠲᠠ ᠲᠠᠢ ᠳᠡᠪᠰᠢᠭᠦᠯᠵᠦ᠂ ᠪᠦᠬᠦ ᠪᠥᠮᠪᠥᠷᠴᠡᠭ ᠲᠠᠬᠢ ᠲᠠᠩ | ᠭᠠᠭᠴᠠ ᠦᠢᠯᠡᠳᠪᠦᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠪᠦᠦ ᠹᠧᠩ ᠤᠨ ᠵᠢᠯ ᠳᠤ 300 ᠲᠦᠮᠡᠨ ᠲᠣᠨ ᠠᠯᠺᠧᠨ ᠨᠡᠭᠦᠷᠦᠭᠴᠢ ᠦᠢᠯᠡᠳᠬᠦ ᠨᠢᠭᠡᠳᠦᠭᠡᠷ | ᠰᠢᠷᠢᠰ 100 ᠲᠦᠮᠡᠨ ᠲᠣᠨ / ᠵᠢᠯ ᠤᠨ ᠦᠢᠯᠡᠳᠪᠦᠷᠢᠯᠡᠯ ᠤᠨ ᠱᠤᠭᠤᠮ ᠢ ᠠᠮᠵᠢᠯᠲᠠ ᠲᠠᠢ ᠡᠬᠢᠯᠡᠭᠦᠯᠦᠨ᠂ ᠬᠤᠶᠠᠳᠤᠭᠠᠷ᠂ ᠭᠤᠷᠪᠠᠳᠤᠭᠠᠷ ᠰᠢᠷᠢᠰ | ᠦᠢᠯᠡᠳᠪᠦᠷᠢᠯᠡᠯ ᠤᠨ ᠱᠤᠭᠤᠮ ᠢ ᠡᠨᠡ ᠵᠢᠯ ᠤᠨ 3 ᠳ᠋ᠤᠭᠠᠷ ᠰᠠᠷ᠎ᠠ ᠳᠤ ᠪᠦᠬᠦᠨ ᠢ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠤᠢ᠃ ᠪᠠᠶᠢᠭᠤᠯᠵᠤ ᠳᠠᠭᠤᠰᠬᠠᠭᠰᠠᠨ ᠤ | ᠲᠡᠷᠡ ᠴᠠᠭ ᠲᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠭᠰᠠᠨ ᠶᠡᠷᠦᠩᠬᠡᠢ ᠦᠢᠯᠡᠳᠪᠦᠷᠢᠯᠡᠬᠦ ᠴᠢᠳᠠᠮᠵᠢ 2451 | ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠶᠡᠷᠦᠩᠬᠡᠢ ᠦᠢᠯᠡᠳᠪᠦᠷᠢᠯᠡᠬᠦ ᠴᠢᠳᠠᠮᠵᠢ ᠶᠢᠨ 36% ᠣᠷᠴᠢᠮ ᠢ ᠡᠵᠡᠯᠡᠬᠦ ᠪᠣᠯᠣᠨ᠎ᠠ᠃ ᠭᠤᠷᠪᠠ ᠳᠤ᠂ | ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠷ ᠪᠠᠶᠢᠷᠢᠰᠢᠭᠤᠯᠪᠠ᠃ ᠤᠯᠤᠰ ᠤᠨ ᠣᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ ᠮᠠᠰᠢᠨ ᠲᠡᠷᠭᠡ ᠶᠢᠨ ︽ᠲᠡᠷᠭᠡ | ᠵᠠᠮ ᠡᠭᠦᠯᠡ ᠶᠢ ᠨᠢᠭᠡ ᠴᠣᠭᠴᠠᠵᠢᠭᠤᠯᠬᠤ︾ ᠬᠡᠷᠡᠭᠯᠡᠯᠲᠡ ᠶᠢᠨ ᠲᠤᠷᠰᠢᠯᠲᠠ ᠶᠢᠨ ᠴᠡᠭ ᠤᠨ ᠬᠤᠲᠠ ᠪᠠᠷ ᠵᠥᠪᠰᠢᠶᠡᠷᠡᠭᠳᠡᠪᠡ᠃ ᠬᠢᠶ᠎ᠠ ᠪᠠᠭᠰᠢ ᠲᠣᠭᠤᠷᠢᠭ ᠨᠢ ︽ᠲᠡᠷᠭᠡ | - ᠵᠠᠮ - ᠡᠭᠦᠯᠡ︾ ᠶᠢᠨ ᠬᠠᠮ ᠮᠡᠳᠡᠷᠡᠯᠴᠡᠯ᠂ ᠬᠠᠮᠵᠢᠯᠴᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠨ᠎ᠡ ᠡᠨᠧᠷᠭᠢ ᠶᠢᠨ ᠣᠶᠤᠨᠴᠢ ᠪᠦᠬᠦᠢ ᠰᠦᠯᠵᠢᠶ᠎ᠡ ᠪᠠᠷ | ᠬᠤᠯᠪᠣᠭᠰᠠᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠶᠦᠨ ᠺᠦᠩ ᠣᠶᠤᠨᠴᠢ ᠠᠶᠠᠯᠠᠯ᠂ ᠰᠢᠩ ᠱᠧᠨ ᠣᠶᠤᠨᠴᠢ ᠠᠶᠠᠯᠠᠯ ᠵᠡᠷᠭᠡ | ᠣᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ ᠠᠵᠤ ᠠᠬᠤᠶᠢᠯᠠᠯ ᠤᠳ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠪᠠ᠃ ᠳ᠋ᠦᠩᠱᠧᠩ ᠲᠣᠭᠤᠷᠢᠭ᠂ ᠡᠵᠡᠨ | ᠬᠤᠷᠤᠭ᠎ᠠ ᠬᠤᠰᠢᠭᠤ ᠵᠡᠷᠭᠡ ᠭᠠᠵᠠᠷ ᠣᠷᠣᠨ ᠳᠤ ᠨᠢᠭᠡᠨᠲᠡ ᠣᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ 308 ᠬᠦᠨᠳᠦ ᠠᠴᠢᠶᠠᠨ ᠤ ᠮᠠᠰᠢᠨ ᠢ ᠪᠠᠶᠢᠷᠢᠯᠠᠭᠤᠯᠵᠤ᠂ | ᠠᠦ᠋ᠲ᠋ᠣ᠋ ᠠᠶᠠᠯᠠᠯ ᠤᠨ ᠪᠥᠬᠦ ᠵᠠᠮ ᠤᠨ ᠣᠷᠳᠣ ᠨᠢ 1500 ᠺᠢᠯᠣᠮᠧᠲᠷ ᠢ ᠳᠠᠪᠠᠵᠤ᠂ L4 ᠲᠠᠰ ᠤᠨ ᠠᠦ᠋ᠲ᠋ᠣ᠋ ᠠᠶᠠᠯᠠᠯ ᠢᠶᠠᠷ ᠲᠡᠭᠡᠭᠡᠪᠦᠷᠢᠯᠡᠭᠰᠡᠨ ᠥᠷᠭᠡᠨ | ᠬᠡᠷᠡᠭᠴᠡᠭᠡᠨ ᠤ ᠲᠠᠸᠠᠷ 1 ᠳ᠋ᠦᠩᠰᠢᠭᠤᠷ ᠲᠣᠨ ᠺᠢᠯᠣᠮᠧᠲᠷ ᠢ ᠳᠠᠪᠠᠪᠠ︔ ᠠᠭᠤᠷᠬᠠᠢ ᠳᠤ ᠬᠡᠷᠡᠭᠯᠡᠬᠦ ᠠᠦ᠋ᠲ᠋ᠣ᠋ ᠮᠠᠰᠢᠨ ᠲᠡᠷᠭᠡ ᠶᠢ 182᠂ ᠬᠤᠲᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠯᠣᠭᠤᠴᠢ ᠦᠯᠦ ᠬᠡᠷᠡᠭᠰᠡᠬᠦ ᠮᠠᠰᠢᠨ ᠲᠡᠷᠭᠡ ᠶᠢ 70 ᠪᠠᠶᠢᠷᠢᠯᠠᠭᠤᠯᠵᠤ᠂ ᠶᠡᠷᠦᠩᠬᠡᠢ ᠬᠡᠮᠵᠢᠨ ᠰᠢᠯᠭᠠᠭᠰᠠᠨ ᠵᠠᠮ ᠤᠨ ᠣᠷᠳᠣ ᠨᠢ | 10 ᠲᠦᠮᠡᠨ ᠺᠢᠯᠣᠮᠧᠲᠷ ᠢ ᠳᠠᠪᠠᠵᠤ᠂ 30 ᠲᠦᠮᠡᠨ ᠬᠥᠮᠥᠨ ᠤᠳᠠᠭ᠎ᠠ ᠳᠤ ᠦᠢᠯᠡᠴᠢᠯᠡᠪᠡ᠃ ︵ᠣᠷᠳᠣᠰ ᠬᠤᠲᠠ ᠶᠢᠨ ᠵᠠᠰᠠᠭ ᠤᠨ ᠣᠷᠳᠣᠨ︶ | | |