ᠬᠠᠤᠯᠢ ᠴᠠᠭᠠᠵᠠ ᠶᠢᠨ ᠲᠢᠩᠬᠢᠮ ᠪᠥᠬᠦ ᠣᠷᠣᠨ ᠤ ᠬᠠᠤᠯᠢᠴᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ 2024 ᠣᠨ ᠤ | ᠡᠴᠦᠰ ᠪᠣᠯᠲᠠᠯ᠎ᠠ᠂ ᠪᠥᠬᠦ ᠣᠷᠣᠨ ᠳᠤ ᠠᠵᠢᠯ ᠡᠷᠬᠢᠯᠡᠬᠦ ᠬᠢᠷᠢ ᠭᠡᠮ ᠲᠠᠢ ᠬᠠᠤᠯᠢᠴᠢ ᠨᠡᠶᠢᠲᠡ 15666 ᠬᠥᠮᠥᠨ ᠪᠠᠶᠢᠵᠤ᠂ ᠪᠥᠬᠦ ᠣᠷᠣᠨ ᠤ ᠲᠦᠮᠡᠨ ᠬᠥᠮᠥᠨ | ᠪᠦᠷᠢ ᠳᠤ 6.5 ᠬᠠᠤᠯᠢᠴᠢ ᠨᠣᠭᠳᠠᠨ᠎ᠠ᠃ ᠪᠥᠬᠦ ᠣᠷᠣᠨ ᠳᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 960 ᠡᠷᠦᠬᠡ ᠪᠤᠢ᠂ ᠡᠭᠦᠨ ᠳᠤ ᠬᠤᠷᠰᠢᠭᠰᠠᠨ | ᠬᠡᠷᠡᠭ ᠡᠷᠬᠢᠯᠡᠬᠦ ᠭᠠᠵᠠᠷ 584 ᠡᠷᠦᠬᠡ ᠪᠠᠶᠢᠵᠤ᠂ 60.8% ᠶᠢ ᠡᠵᠡᠯᠡᠪᠡ᠃ 2024 ᠣᠨ ᠳᠤ᠂ ᠪᠥᠬᠦ ᠣᠷᠣᠨ ᠤ ᠬᠠᠤᠯᠢᠴᠢᠳ ᠡᠯ᠎ᠡ ᠲᠥᠷᠥᠯ ᠤᠨ ᠬᠠᠤᠯᠢ | ᠴᠠᠭᠠᠵᠠ ᠶᠢᠨ ᠬᠡᠷᠡᠭ ᠶᠠᠪᠤᠳᠠᠯ ᠢ ᠨᠡᠶᠢᠲᠡ 28.34 ᠲᠦᠮᠡᠨ ᠬᠤᠪᠢ ᠭᠦᠢᠴᠡᠳᠬᠡᠵᠦ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ︔ | ᠬᠠᠤᠯᠢᠴᠢ ᠶᠢᠨ ᠰᠦᠢᠳᠬᠡᠯ ᠬᠤᠷᠢᠶᠠᠭᠰᠠᠨ ᠨᠢ ᠪᠠᠷᠤᠭ 18.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.4% ᠪᠠᠷ | ᠨᠡᠮᠡᠭᠳᠡᠵᠡᠢ᠃ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠲᠠᠰᠤᠷᠠᠯᠳᠠ ᠦᠭᠡᠢ ᠭᠦᠨᠵᠡᠭᠡᠶᠢᠷᠡᠵᠦ᠂ ᠪᠦᠬᠦ ᠵᠢᠯ ᠳᠤ ᠡᠯ᠎ᠡ ᠲᠦᠷᠦᠯ ᠤᠨ | ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡ 2 ᠲᠦᠮᠡ ᠭᠠᠷᠤᠢ ᠬᠤᠪᠢ ᠬᠠᠩᠭᠠᠪᠠ᠂ ᠡᠭᠦᠨ ᠳᠤ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ 1.72 ᠲᠦᠮᠡᠨ ᠬᠤᠪᠢ ᠭᠦᠢᠴᠡᠳᠬᠡᠪᠡ᠃ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠪᠥᠬᠦ ᠣᠷᠣᠨ ᠤ ᠲᠤᠰ ᠠᠵᠢᠯᠯᠠᠭ᠎ᠠ ᠳᠤ ᠣᠷᠣᠯᠴᠠᠭᠰᠠᠨ ᠬᠠᠤᠯᠢᠴᠢ ᠶᠢᠨ ᠲᠤᠭ᠎ᠠ 1.8 ᠲᠦᠮᠡ ᠭᠠᠷᠤᠢ ᠬᠥᠮᠥᠨ ᠤᠳᠠᠭ᠎ᠠ ᠳᠤ ᠬᠦᠷᠴᠦ᠂ | ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ 18 ᠲᠦᠮᠡ ᠭᠠᠷᠤᠢ ᠤᠳᠠᠭ᠎ᠠ ᠬᠠᠩᠭᠠᠵᠤ᠂ 45 ᠲᠦᠮᠡ ᠭᠠᠷᠤᠢ ᠣᠯᠠᠨ | ᠲᠦᠮᠡᠨ ᠳᠤ ᠠᠰᠢᠭ ᠬᠦᠷᠲᠡᠭᠡᠪᠡ︔ ︽ᠬᠠᠤᠯᠢᠵᠢᠯ ᠤᠨ ᠪᠡᠶ᠎ᠡ ᠶᠢᠨ ᠪᠠᠶᠢᠴᠠᠭᠠᠯᠲᠠ︾ ᠶᠢ 6800 ᠭᠠᠷᠤᠢ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠡᠯ᠎ᠡ | ᠲᠦᠷᠦᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ 4.2 ᠲᠦᠮᠡ ᠭᠠᠷᠤᠢ ᠤᠳᠠᠭ᠎ᠠ ᠬᠠᠩᠭᠠᠪᠠ᠃ ︵ᠬᠠᠤᠯᠢ ᠴᠠᠭᠠᠵᠠ ᠶᠢᠨ ᠲᠢᠩᠬᠢᠮ︶ | | | | |