ᠬᠥᠯᠥᠨ ᠪᠤᠶᠢᠷ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠴᠢᠩᠭᠠᠷᠠᠵᠤ ᠪᠠᠶᠢᠨ᠎ᠠ᠃ ᠨᠢᠭᠡ ᠳᠤ᠂ ᠵᠢᠭᠤᠯᠴᠢᠯᠠᠯ ᠤᠨ | ᠵᠠᠮ ᠱᠤᠭᠤᠮ ᠤᠨ ᠪᠦᠲᠦᠭᠡᠭᠳᠡᠬᠦᠨ ᠢ ᠨᠠᠷᠢᠯᠢᠭᠵᠢᠭᠤᠯᠪᠠ᠃ ︽ᠭᠤᠶᠣᠮᠰᠤᠭ ᠴᠠᠰᠤᠲᠤ ᠲᠠᠯ᠎ᠠ • ᠲᠠᠩᠰᠤᠭ ᠰᠠᠶᠢᠬᠠᠨ ᠠᠷᠠᠳ ᠤᠨ ᠵᠠᠩ ᠵᠠᠩᠰᠢᠯ︾ ᠵᠡᠷᠭᠡ 6 | ᠵᠤᠷᠪᠤᠰ ᠮᠥᠰᠥ ᠴᠠᠰᠤᠨ ᠤ ᠵᠢᠭᠤᠯᠴᠢᠯᠠᠯ ᠤᠨ ᠰᠣᠳᠣᠨ ᠪᠦᠲᠦᠭᠡᠯ ᠤᠨ ᠵᠠᠮ ᠱᠤᠭᠤᠮ ᠢ ᠪᠣᠶ ᠪᠣᠯᠭᠠᠵᠤ᠂ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ | 181 ᠭᠠᠷᠭᠠᠵᠤ᠂ ︽ᠣᠯᠭᠤᠶᠠ ᠶᠢᠨ ᠣᠶ ᠰᠢᠭᠤᠢ ᠶᠢᠨ ᠬᠡᠦᠬᠡᠳ ᠤᠨ ᠦᠯᠢᠭᠡᠷᠲᠦ ᠬᠤᠷᠢᠮ︾ ᠵᠡᠷᠭᠡ 9 ᠶᠡᠭᠡ ᠲᠥᠷᠥᠯ ᠤᠨ 26 ᠵᠦᠢᠯ ᠤᠨ ᠰᠢᠨ᠎ᠡ | ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ︽ᠰᠢᠶᠦ᠋ᠩ ᠰᠢᠶᠣᠣ ᠮᠠᠨ︾ ᠲᠠᠨ ᠳᠤ ᠬᠠᠨᠢ ᠪᠣᠯᠵᠤ ᠵᠢᠭᠤᠯᠴᠢᠯᠠᠬᠤ ᠵᠡᠷᠭᠡ ᠨᠠᠭᠠᠳᠬᠤ | ᠠᠷᠭ᠎ᠠ ᠨᠤᠭᠤᠳ ᠢ ᠭᠠᠷᠭᠠᠪᠠ᠃ ᠬᠤᠶᠠᠷ ᠲᠤ᠂ ᠰᠣᠳᠣᠨ ᠪᠦᠲᠦᠭᠡᠯ ᠤᠨ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ | ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠡᠬᠢᠯᠡᠯᠲᠡ ᠶᠢᠨ ᠶᠣᠰᠣᠯᠠᠯ ᠢ | ᠠᠮᠵᠢᠯᠲᠠ ᠲᠠᠢ ᠡᠷᠬᠢᠯᠡᠵᠦ᠂ ᠬᠥᠯᠥᠨ ᠪᠤᠶᠢᠷ ᠤᠨ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠵᠡᠷᠭᠡ 76 ᠵᠦᠢᠯ ᠤᠨ ᠡᠯ᠎ᠡ ᠲᠥᠷᠥᠯ ᠤᠨ ᠮᠥᠰᠥ | ᠴᠠᠰᠤᠨ ᠤ ᠤᠷᠤᠯᠳᠤᠭᠠᠨ ᠤ ᠶᠠᠪᠤᠳᠠᠯ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠨᠤᠭᠤᠳ ᠢ ᠥᠷᠨᠢᠭᠦᠯᠪᠡ᠃ ᠭᠤᠷᠪᠠ ᠳᠤ᠂ ᠤᠬᠠᠭᠤᠯᠭ᠎ᠠ ᠬᠢᠵᠦ ᠡᠵᠡᠩᠨᠡᠨ | ᠪᠣᠷᠣᠯᠠᠭᠤᠯᠬᠤ ᠠᠵᠢᠯ ᠢ ᠥᠷᠨᠢᠭᠦᠯᠪᠡ᠃ ᠬᠠᠷᠪᠢᠨ᠂ ᠭᠤᠸᠠᠩᠵᠧᠦ ᠵᠡᠷᠭᠡ ᠭᠠᠵᠠᠷ ᠲᠤ 10 ᠭᠠᠷᠤᠢ ᠲᠠᠯᠠᠪᠤᠷ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠪᠠ ᠵᠠᠮ ᠤᠨ | ᠭᠤᠳᠤᠰ ᠤᠨ ᠲᠦᠷᠭᠡᠨ ᠲᠣᠭᠯᠠᠯᠲᠠ ᠭᠠᠷᠭᠠᠪᠠ᠂ ᠪᠥᠬᠦ ᠬᠤᠲᠠ ᠶᠢᠨ ᠵᠠᠭᠤᠴᠢᠯᠠᠭᠤᠷ ᠤᠨ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠬᠡᠵᠦ᠂ ᠵᠢᠷᠤᠭ | ᠪᠢᠴᠢᠭ ᠬᠤᠣᠰᠯᠠᠭᠰᠠᠨ ᠸᠢᠳᠢᠤ᠋ ᠶᠢ 5000 ᠭᠠᠷᠤᠢ ᠵᠤᠷᠪᠤᠰ ᠬᠦᠷᠭᠡᠵᠦ᠂ ᠰᠣᠨᠢᠷᠬᠠᠵᠤ ᠦᠵᠡᠭᠰᠡᠨ ᠶᠡᠷᠦᠩᠬᠡᠢ ᠬᠡᠮᠵᠢᠶ᠎ᠡ 3.4 ᠳ᠋ᠦᠩᠰᠢᠭᠤᠷ ᠤᠳᠠᠭ᠎ᠠ ᠳᠤ ᠬᠦᠷᠪᠡ᠂ | ᠲᠥᠪ ᠲᠧᠯᠸᠢᠰ ᠤᠨ CCTV4 ᠰᠤᠪᠠᠭ ᠢᠶᠠᠷ ︽ᠳᠤᠮᠳᠠᠳᠤ ᠤᠯᠤᠰ ᠲᠤ ᠢᠩᠭᠢᠵᠦ ᠨᠠᠭᠠᠳᠬᠤᠢ︾ ᠫᠷᠣᠭ᠍ᠷᠠᠮ ᠢ ᠰᠢᠩᠭᠡᠬᠡᠨ ᠦᠢᠯᠡᠳᠬᠦ ᠳᠤ ᠣᠷᠣᠯᠴᠠᠵᠤ᠂ | ᠤᠩᠰᠢᠭᠰᠠᠨ ᠶᠡᠷᠦᠩᠬᠡᠢ ᠬᠡᠮᠵᠢᠶ᠎ᠡ ᠨᠢ 1 ᠳ᠋ᠦᠩᠰᠢᠭᠤᠷ ᠢ ᠰᠢᠪᠲᠤᠯᠪᠠ᠃ 2024 ᠣᠨ ᠤ 11 ᠳ᠋ᠦ᠋ᠭᠡᠷ ᠰᠠᠷ᠎ᠠ ᠠᠴᠠ 2025 ᠣᠨ ᠤ 1 ᠳ᠋ᠦ᠋ᠭᠡᠷ ᠰᠠᠷ᠎ᠠ ᠪᠣᠯᠲᠠᠯ᠎ᠠ᠂ | ᠪᠥᠬᠦ ᠬᠤᠲᠠ ᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠨᠡᠶᠢᠲᠡ 456.2 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 40.47% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠢ ᠵᠠᠷᠤᠳᠠᠯ 61.13 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.03% ᠪᠠᠷ ᠨᠡᠮᠡᠭᠳᠡᠬᠦ ᠶᠢ ᠪᠡᠶᠡᠯᠡᠭᠦᠯᠪᠡ᠃ ︵ᠬᠥᠯᠥᠨ ᠪᠤᠶᠢᠷ ᠬᠤᠳᠠ ᠶᠢᠨ ᠵᠠᠰᠠᠭ ᠤᠨ | ᠣᠷᠳᠣᠨ︶ | | | |