ᠮᠠᠨ ᠤ ᠣᠷᠣᠨ ᠤ ᠮᠢᠬᠠᠨ ᠤ ᠲᠥᠷᠥᠯ ᠤᠨ ᠭᠠᠷᠤᠯᠲᠠ ᠠᠩᠬ᠎ᠠ ᠤᠳᠠᠭ᠎ᠠ 300 ᠲᠦᠮᠡᠨ ᠲᠣᠨ ᠢ ᠳᠠᠪᠠᠵᠤ ᠣᠶᠢᠷ᠎ᠠ ᠶᠢᠨ ᠠᠷᠪᠠᠨ ᠵᠢᠯ ᠤᠨ ᠲᠤᠷᠰᠢ ᠳᠠᠬᠢ ᠬᠠᠮᠤᠭ ᠤᠨ ᠲᠦᠷᠭᠡᠨ ᠨᠡᠮᠡᠭᠳᠡᠯ ᠤᠨ ᠬᠤᠷᠳᠤᠴᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/2/18
     2024 ᠣᠨ ᠳᠤ ᠮᠠᠨ ᠤ ᠣᠷᠣᠨ ᠤ ᠭᠠᠭ᠋ᠠᠢ ᠦᠬᠡᠷ ᠬᠤᠨᠢ ᠵᠢᠭᠦᠷᠲᠡᠨ ᠵᠡᠷᠭᠡ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 300.8 ᠲᠦᠮᠡᠨ ᠲᠣᠨ ᠳᠤ ᠬᠦᠷᠴᠦ᠂ 2023 ᠣᠨ ᠤ ᠬᠢ ᠠᠴᠠ 15.4 ᠲᠦᠮᠡᠨ ᠲᠣᠨ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠰᠢᠨ᠎ᠡ ᠪᠠᠷ ᠨᠡᠮᠡᠭᠳᠡᠭᠰᠡᠨ ᠮᠢᠬᠠᠨ ᠤ ᠲᠦᠷᠦᠯ ᠤᠨ ᠭᠠᠷᠤᠯᠲᠠ ᠶᠢᠨ 2/3 ᠠᠴᠠ ᠳᠡᠭᠡᠭᠰᠢᠬᠢ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠣᠶᠢᠷ᠎ᠠ ᠶᠢᠨ ᠠᠷᠪᠠᠨ ᠵᠢᠯ ᠤᠨ ᠲᠤᠷᠰᠢ ᠳᠠᠬᠢ ᠬᠠᠮᠤᠭ ᠤᠨ ᠲᠦᠷᠭᠡᠨ ᠨᠡᠮᠡᠭᠳᠡᠯ ᠤᠨ ᠬᠤᠷᠳᠤᠴᠠ ᠳᠤ ᠭᠦᠷᠦᠭᠰᠡᠨ ᠪᠠᠶᠢᠨ᠎ᠠ᠃ ᠨᠢᠭᠡ ᠳᠤ᠂ ᠪᠤᠳᠠᠭᠠᠯᠢ ᠪᠡᠶ᠎ᠡ ᠶᠢᠨ ᠮᠢᠬᠠᠨ ᠤ ᠭᠠᠷᠤᠯᠲᠠ ᠶᠢᠨ ᠨᠡᠮᠡᠭᠳᠡᠬᠦ ᠶᠢ ᠳᠡᠭᠡᠭᠰᠢᠯᠡᠭᠦᠯᠪᠡ᠃ ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ 626 ᠲᠦᠮᠡᠨ ᠨᠠᠶᠢᠷᠠᠯᠭ᠎ᠠ᠂ ᠰᠢᠯᠢᠳᠡᠭ ᠡᠭᠦᠯᠳᠡᠷ ᠤᠨ ᠬᠤᠴᠠ ᠶᠢ 11.8 ᠲᠦᠮᠡᠨ ᠲᠣᠯᠣᠭᠠᠢ ᠳᠡᠯᠭᠡᠷᠡᠭᠦᠯᠦᠨ᠂ ᠠᠯᠠᠰᠢᠨ ᠦᠬᠡᠷ ᠠᠯᠠᠰᠢᠨ ᠬᠤᠨᠢᠨ ᠤ ᠰᠠᠶᠢᠨ ᠡᠭᠦᠯᠳᠡᠷ ᠤᠨ ᠨᠣᠷᠮ᠎ᠠ ᠶᠢ 95% ᠠᠴᠠ ᠳᠡᠭᠡᠭᠰᠢ ᠳᠤ ᠪᠠᠶᠢᠯᠭᠠᠵᠤ᠂ ᠠᠯᠠᠰᠢᠨ ᠦᠬᠡᠷ ᠠᠯᠠᠰᠢᠨ ᠬᠤᠨᠢᠨ ᠤ ᠪᠤᠳᠠᠭᠠᠯᠢ ᠪᠡᠶ᠎ᠡ ᠶᠢᠨ ᠭᠠᠷᠤᠯᠲᠠ ᠶᠢ ᠤᠯᠤᠰ ᠤᠨ ᠳᠤᠮᠳᠠᠴᠢ ᠬᠢᠷᠢ ᠲᠦᠪᠰᠢᠨ ᠠᠴᠠ ᠬᠤᠯᠠ ᠳᠠᠪᠠᠭᠤᠯᠪᠠ︔ ᠪᠥᠬᠦ ᠵᠢᠯ ᠳᠤ 141 ᠲᠦᠮᠡᠨ ᠲᠣᠯᠣᠭᠠᠢ ᠦᠬᠡᠷ ᠢ ᠪᠣᠷᠳᠣᠵᠤ ᠲᠠᠷᠭᠤᠯᠠᠭᠤᠯᠵᠤ᠂ ᠪᠣᠷᠳᠣᠵᠤ ᠲᠠᠷᠭᠤᠯᠠᠭᠤᠯᠤᠭᠰᠠᠨ ᠦᠬᠡᠷ ᠤᠨ ᠬᠡᠩᠭᠦᠳᠡᠭ ᠤᠨ ᠳᠤᠮᠳᠠᠴᠢ ᠭᠠᠷᠤᠯᠲᠠ 375 ᠺᠢᠯᠣᠭ᠍ᠷᠠᠮ ᠳᠤ ᠬᠦᠷᠴᠦ᠂ ᠪᠥᠬᠦ ᠣᠷᠣᠨ ᠤ ᠦᠬᠡᠷ ᠤᠨ ᠮᠢᠬᠠᠨ ᠤ ᠭᠠᠷᠤᠯᠲᠠ ᠶᠢ 11.3 ᠲᠦᠮᠡᠨ ᠲᠣᠨ ᠢᠶᠠᠷ ᠳᠠᠶᠢᠴᠢᠯᠠᠵᠤ ᠨᠡᠮᠡᠭᠳᠡᠭᠦᠯᠪᠡ᠃ ᠬᠤᠶᠠᠷ ᠲᠤ᠂ ᠬᠦᠴᠢᠷᠳᠡᠯ ᠢ ᠨᠢ ᠰᠢᠢᠳᠪᠦᠷᠢᠯᠡᠵᠦ ᠭᠠᠷᠤᠯᠲᠠ ᠶᠢ ᠨᠢ ᠲᠣᠭᠲᠠᠭᠤᠨ ᠪᠠᠶᠢᠯᠭᠠᠬᠤ ᠶᠢ ᠴᠢᠩᠭᠠᠳᠬᠠᠪᠠ᠃ ᠰᠠᠭᠤᠷᠢ ᠡᠬᠡ ᠮᠠᠯ ᠤᠨ ᠰᠦᠷᠦᠭᠵᠢᠯ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠨᠥᠬᠦᠪᠦᠷᠢ᠂ ︽ᠠᠮᠤ ᠪᠤᠳᠠᠭ᠎ᠠ ᠠᠵᠤ ᠠᠬᠤᠢ ᠶᠢᠨ ᠲᠡᠵᠢᠭᠡᠯ ᠪᠣᠷᠳᠤᠭ᠎ᠠ ᠶᠢᠨ ᠭᠤᠷᠮᠤᠰᠤᠨ ᠪᠦᠲᠦᠴᠡ ᠲᠡᠶᠢᠰᠢ ᠥᠭᠡᠷᠡᠴᠢᠯᠡᠬᠦ︾ ᠳᠤ ᠬᠤᠯᠪᠣᠭᠳᠠᠬᠤ ᠬᠤᠳᠠᠯᠳᠤᠨ ᠠᠪᠴᠤ ᠨᠥᠭᠡᠴᠡᠯᠡᠬᠦ ᠨᠥᠬᠦᠪᠦᠷᠢ ᠶᠢ 5.8 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ︔ ᠤᠯᠤᠰ ᠤᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠡᠯᠡ ᠮᠥᠩᠭᠦ ᠶᠢ 1.85 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 68 ᠲᠦᠮᠡᠨ ᠲᠣᠨ ᠡᠪᠡᠰᠦ ᠪᠣᠷᠳᠤᠭ᠎ᠠ ᠶᠢ ᠠᠮᠠᠷᠬᠠᠨ ᠭᠠᠮᠰᠢᠭᠳᠠᠬᠤ ᠭᠠᠵᠠᠷ ᠣᠷᠣᠨ ᠳᠤ ᠲᠣᠬᠢᠷᠠᠭᠤᠯᠤᠨ ᠵᠥᠭᠡᠭᠡᠪᠦᠷᠢᠯᠡᠬᠦ ᠶᠢ ᠳᠡᠮᠵᠢᠪᠡ᠃ ᠠᠯᠠᠰᠢᠨ ᠦᠬᠡᠷ ᠤᠨ ᠠᠮᠢᠳᠤ ᠮᠠᠯ ᠢᠶᠠᠷ ᠪᠠᠷᠢᠴᠠᠭᠠᠯᠠᠬᠤ ᠵᠢᠭᠡᠯᠡᠯᠭᠡ ᠶᠢᠨ ᠬᠡᠪ ᠵᠠᠭᠪᠤᠷ ᠲᠤ ᠰᠢᠨ᠎ᠡ ᠶᠢ ᠡᠭᠦᠳᠴᠦ᠂ ᠠᠯᠠᠰᠢᠨ ᠦᠬᠡᠷ ᠢ ᠲᠡᠵᠢᠭᠡᠨ ᠦᠷᠡᠵᠢᠭᠦᠯᠬᠦ 150 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠭᠠᠷᠤᠯᠲᠠ ᠶᠢᠨ ᠳᠠᠭᠠᠳᠬᠠᠯ ᠢᠶᠠᠷ ᠳᠡᠮᠵᠢᠨ 1.41 ᠳ᠋ᠦᠩᠰᠢᠭᠤᠷ ᠲᠥᠭᠦᠷᠢᠭ ᠲᠦᠯᠦᠵᠦ ᠰᠢᠢᠳᠪᠦᠷᠢᠯᠡᠪᠡ᠃ ᠭᠤᠷᠪᠠ ᠳᠤ᠂ ᠬᠡᠯᠬᠢᠶ᠎ᠡ ᠶᠢ ᠨᠢ ᠤᠷᠲᠤᠳᠬᠠᠨ ᠭᠠᠷᠤᠯᠲᠠ ᠶᠢ ᠠᠬᠢᠭᠤᠯᠪᠠ᠃ 2024 ᠣᠨ ᠳᠤ ᠠᠯᠠᠰᠢᠨ ᠬᠤᠨᠢᠨ ᠤ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 1050 ᠳ᠋ᠦᠩᠰᠢᠭᠤᠷ ᠲᠥᠭᠦᠷᠢᠭ ᠢ ᠳᠠᠪᠠᠵᠤ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 800 ᠳ᠋ᠦᠩᠰᠢᠭᠤᠷ ᠲᠥᠭᠦᠷᠢᠭ ᠢ ᠳᠠᠪᠠᠵᠤ᠂ 2023 ᠣᠨ ᠤ ᠬᠢ ᠠᠴᠠ ᠴᠥᠮ 50 ᠳ᠋ᠦᠩᠰᠢᠭᠤᠷ ᠲᠥᠭᠦᠷᠢᠭ ᠨᠡᠮᠡᠭᠳᠡᠪᠡ᠃ ︵ᠲᠠᠷᠢᠶᠠᠯᠠᠩ ᠮᠠᠯ ᠠᠵᠤ ᠠᠬᠤᠢ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ