ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 17 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠡᠮᠦᠨ᠎ᠡ | ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ | ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ | ᠬᠤᠪᠢᠷᠠᠭᠤᠯᠵᠤ ᠪᠤᠯᠬᠤ ᠦᠭᠡᠢ᠂ ᠬᠤᠪᠢᠷᠠᠬᠤ ᠴᠤ ᠦᠭᠡᠢ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠶᠡᠭᠡ ᠡᠷᠡᠮᠡᠯᠵᠡᠯ ᠲᠠᠢ ᠪᠠᠶᠢᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ ᠴᠢᠳᠠᠯ ᠢᠶᠠᠨ ᠶᠡᠭᠡ ᠪᠠᠷ ᠭᠠᠶᠢᠬᠠᠭᠤᠯᠬᠤ ᠴᠠᠭ ᠪᠣᠯᠪᠠ᠃ ᠦᠵᠡᠯ ᠰᠠᠨᠠᠭ᠎ᠠ ᠪᠠᠨ ᠨᠢᠭᠡᠳᠬᠡᠨ᠂ | ᠢᠲᠡᠭᠡᠯ ᠵᠣᠷᠢᠭ ᠢᠶᠠᠨ ᠪᠠᠲᠤᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ | ᠬᠡᠷᠡᠭᠲᠡᠢ᠃ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠡᠬᠦᠳᠡᠭ | ᠴᠡᠭᠡᠵᠢᠨ ᠳᠡᠭᠡᠨ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠡᠪᠦᠷᠯᠡᠨ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠵᠢᠷᠤᠮᠯᠠᠨ | ᠴᠢᠳᠠᠮᠠᠭᠠᠢ ᠡᠵᠡᠩᠨᠡᠵᠦ᠂ ᠤᠷᠢᠳ ᠢᠶᠠᠷ ᠪᠠᠶᠠᠵᠢᠬᠤ ᠪᠠᠷ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | | | | | 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ | ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠶᠠᠷᠢᠯᠴᠠᠬᠤ ᠬᠤᠷᠠᠯ ᠢ ᠡᠷᠭᠢᠯᠡᠵᠠᠢ᠃ | ᠶᠠᠷᠢᠯᠴᠠᠬᠤ ᠬᠤᠷᠠᠯ ᠳᠡᠭᠡᠷ᠎ᠡ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠲᠤᠰᠢᠶᠠᠯᠲᠠᠨ ᠷᠧᠨ ᠵᠧᠩ ᠹᠧᠢ᠂ ᠪᠢ ᠶᠠ | ᠳ᠋ᠢ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠴᠤᠸᠠᠨ ᠹᠦ᠋᠂ ᠰᠢᠨ ᠰᠢ ᠸᠠᠩ ᠰᠲ᠋ᠣᠺ ᠡᠵᠡᠮᠰᠢᠯ ᠤᠨ ᠪᠦᠯᠦᠭᠯᠡᠯ ᠤᠨ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠬᠤᠤ᠂ ᠱᠠᠩᠬᠠᠢ ᠶᠢᠨ ᠸᠧᠢ ᠡᠯ ᠬᠠᠭᠠᠰ ᠳᠠᠮᠵᠢᠭᠤᠯᠤᠭᠴᠢ ᠶᠢᠨ ᠬᠤᠪᠢᠴᠠᠭᠠᠲᠤ | ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠷᠧᠨ ᠷᠦᠩ᠂ ᠬᠠᠩᠵᠧᠦ ᠶᠢᠨ ᠢᠦᠢ ᠱᠣ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠤᠮᠫᠠᠨᠢ ᠶᠢᠨ ᠲᠡᠷᠢᠭᠦᠨ ᠭᠦᠢᠴᠡᠳᠭᠡᠭᠴᠢ ᠳᠠᠷᠤᠭ᠎ᠠ ᠸᠠᠩ ᠰᠢᠩ ᠰᠢᠩ᠂ ᠰᠢᠶᠣᠣ ᠮᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠧᠢ ᠵᠢᠶᠦ᠋ᠨ ᠵᠡᠷᠭᠡ 6 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠰᠢᠨ᠎ᠡ ᠪᠠᠶᠢᠳᠠᠯ ᠳᠣᠣᠷ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠣᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ | ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠡᠦᠬᠡᠨ ᠶᠠᠪᠤᠴᠠ ᠶᠢ ᠳᠠᠭᠠᠯᠳᠤᠨ ᠥᠷᠨᠢᠭᠦᠨ ᠬᠥᠭᠵᠢᠵᠦ ᠢᠷᠡᠭᠰᠡᠨ ᠶᠤᠮ᠃ ᠬᠡᠳᠦᠨ ᠠᠷᠪᠠᠨ ᠵᠢᠯ ᠤᠨ ᠲᠤᠷᠰᠢ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ ᠨᠠᠮ ᠪᠠ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠴᠢᠭᠯᠡᠯᠲᠡ ᠲᠦᠷᠦ ᠶᠢᠨ ᠪᠣᠳᠣᠯᠭ᠎ᠠ ᠶᠢᠨ ᠲᠤᠬᠠᠢ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ ᠦᠶ᠎ᠡ ᠲᠠᠢ | ᠵᠡᠷᠭᠡ ᠪᠠᠷ ᠤᠷᠤᠭᠰᠢᠯᠠᠭᠰᠠᠨ ᠶᠤᠮ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ | ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠤᠨ᠎ᠠ︔ ᠨᠠᠮ ᠪᠠ ᠤᠯᠤᠰ ᠠᠴᠠ ᠡᠯ᠎ᠡ ᠵᠦᠢᠯ ᠤᠨ | ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ | ᠡᠷᠬᠡ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ | ᠠᠬᠤᠢ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ | ᠭᠡᠵᠦ ᠢᠯᠡᠳᠬᠡᠪᠡ᠃ | ᠰᠢ ᠶᠢᠨ ᠫᠢᠩ᠂ ᠤᠳᠤ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠨᠢᠭᠡᠨᠲᠡ ᠨᠡᠯᠢᠶᠡᠳ ᠶᠡᠭᠡ ᠬᠡᠪᠴᠢᠶ᠎ᠡ ᠲᠠᠢ ᠪᠣᠯᠵᠤ᠂ ᠮᠠᠰᠢ ᠬᠦᠨᠳᠦ | ᠬᠤᠪᠢ ᠶᠢᠨ ᠵᠢᠩ ᠢ ᠡᠵᠡᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠢ | ᠪᠣᠯᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ | ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ | ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ | ᠬᠦᠴᠦᠨ ᠤ ᠡᠬᠢ ᠪᠠᠶᠠᠯᠢᠭ ᠤᠨ ᠲᠤᠭ᠎ᠠ ᠬᠡᠮᠵᠢᠶ᠎ᠡ ᠯᠤᠲᠤ ᠶᠡᠭᠡ᠂ ᠬᠡᠪ ᠴᠢᠨᠠᠷ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ ᠠᠮᠠ ᠶᠢᠨ ᠭᠡᠲᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠣᠯᠠᠨ ᠰᠢᠨ᠎ᠡ ᠠᠵᠠ ᠲᠣᠭᠢᠶᠠᠯ | ᠣᠯᠭᠤᠵᠤ᠂ ᠨᠠᠩ ᠶᠡᠭᠡ ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠨᠢ | ᠤᠯᠠᠨ ᠲᠠᠯ᠎ᠠ ᠶᠢᠨ ᠢᠯᠡᠳᠲᠡ ᠳᠠᠪᠠᠭᠤᠯᠢᠭ ᠲᠠᠢ ᠪᠠᠶᠢᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠲᠠᠰᠤᠷᠠᠯᠲᠠ ᠦᠭᠡᠢ ᠪᠦᠷᠢᠨᠰᠢᠨ ᠲᠡᠭᠦᠯᠳᠡᠷᠵᠢᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠪᠣᠯᠣᠨ | ᠥᠷᠢᠰᠦᠯᠳᠦᠭᠡᠨ ᠪᠣᠯ ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ | ᠢᠯᠡᠷᠡᠭᠰᠡᠨ ᠶᠤᠮ᠂ ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ᠂ ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ | ᠂ ᠢᠯᠠᠨ ᠳᠠᠪᠠᠵᠤ ᠳᠡᠶᠢᠯᠭᠦ ᠠᠴᠠ ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠠᠵᠤ | ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠦᠴᠢᠷᠳᠡᠯ ᠪᠠ ᠥᠷᠢᠰᠦᠯᠳᠦᠭᠡᠨ ᠤ ᠳᠤᠮᠳᠠ | ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ | ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ | ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ | ᠪᠣᠯᠣᠨ᠎ᠠ᠃ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠵᠦᠢᠯ ᠪᠣᠯᠭᠠᠨ ᠢ ᠡᠷᠡᠰ ᠬᠡᠷᠡᠭᠵᠢᠭᠦᠯᠬᠦ ᠬᠡᠷᠡᠭᠲᠡᠢ᠂ ᠳᠤᠲᠠᠭᠤ ᠲᠤᠷᠭᠤᠨ ᠬᠡᠷᠡᠭᠵᠢᠭᠦᠯᠵᠦ ᠪᠤᠯᠬᠤ | ᠦᠭᠡᠢ᠃ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ | ᠣᠷᠤᠯᠴᠠᠬᠤ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ ᠬᠦᠴᠦ ᠣᠷᠣᠭᠤᠯᠤᠨ | ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ | ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ | ᠶᠣᠰᠣᠭᠠᠷ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ ᠮᠠᠨ ᠤ ᠤᠯᠤᠰ ᠪᠣᠯ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠮᠥᠨ ᠪᠣᠯᠬᠤᠷ ᠡᠯ᠎ᠡ ᠲᠦᠷᠦᠯ ᠤᠨ | ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠥᠮ ᠪᠠᠶᠢᠴᠠᠭᠠᠨ ᠰᠢᠢᠳᠪᠦᠷᠢᠯᠡᠬᠦ ᠠᠴᠠ ᠵᠠᠶᠢᠯᠠᠵᠤ ᠪᠤᠯᠬᠤ ᠦᠭᠡᠢ᠃ | ᠡᠯ᠎ᠡ ᠵᠦᠢᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ | ᠬᠠᠨᠳᠤᠬᠤ ᠬᠡᠷᠡᠭᠲᠡᠢ᠃ ᠳᠣᠲᠣᠨᠣᠰᠤᠭ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠵᠤ ᠠᠬᠤᠶᠢᠯᠠᠯ ᠪᠣᠯ ᠡᠵᠡᠩᠨᠡᠯᠲᠡ ᠶᠢᠨ ᠭᠤᠣᠯ ᠴᠣᠭᠴᠠ ᠮᠥᠨ᠂ ᠠᠵᠤ ᠠᠬᠤᠶᠢᠯᠠᠯ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ | ᠬᠦᠴᠦᠨ ᠪᠣᠯ ᠲᠡᠷᠢᠭᠦᠨ ᠪᠠᠶᠢᠷᠢ ᠳᠤ ᠪᠠᠶᠢᠭ᠎ᠠ ᠶᠤᠮ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠳ ᠦᠢᠯᠡᠰ ᠪᠣᠰᠬᠠᠬᠤ ᠪᠠ ᠤᠯᠤᠰ ᠤᠨ ᠢᠶᠠᠨ ᠲᠥᠯᠥᠭᠡ ᠵᠢᠳᠬᠦᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠵᠦ᠂ ᠬᠦᠰᠡᠯᠡᠩ ᠤᠨ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠪᠠᠶᠠᠵᠢᠭᠰᠠᠨ ᠴᠤ ᠤᠭ ᠦᠨᠳᠦᠰᠦ ᠪᠠᠨ | ᠪᠤᠳᠤᠵᠤ᠂ ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠰᠡᠳᠬᠢᠯ ᠨᠢᠭᠡ | ᠵᠣᠷᠢᠭ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠵᠦ ᠰᠢᠯᠢᠳᠡᠭᠵᠢᠭᠦᠯᠵᠦ ᠰᠠᠶᠢᠲᠤᠷ ᠡᠵᠡᠩᠨᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠭᠤᠯᠤᠭᠴᠢ ᠪᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠭᠤᠣᠯ ᠠᠵᠢᠯ ᠢᠶᠠᠨ ᠪᠠᠲᠤ ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠶᠢ ᠴᠢᠩᠭᠠᠳᠬᠠᠵᠤ᠂ ᠬᠥᠭᠵᠢᠯᠲᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ᠂ ᠦᠷ᠎ᠡ ᠠᠰᠢᠭ ᠪᠣᠯᠣᠨ | ᠭᠤᠣᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ | ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ | ᠣᠷᠣᠭᠤᠯᠤᠭᠴᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ | ᠪᠦᠷᠢᠨᠰᠢᠭᠦᠯᠵᠦ᠂ ᠭᠦᠳᠡᠯᠮᠦᠷᠢ᠂ ᠴᠢᠳᠠᠪᠤᠷᠢᠲᠠᠨ᠂ ᠮᠡᠳᠡᠯᠭᠡ᠂ ᠮᠡᠷᠭᠡᠵᠢᠯ᠂ ᠬᠥᠷᠥᠩᠭᠡ᠂ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠬᠡᠷᠡᠭᠯᠡᠯᠲᠡ᠂ | ᠬᠠᠮᠢᠶᠠᠷᠤᠯᠲᠠ᠂ ᠬᠠᠮᠠᠭᠠᠯᠠᠯᠲᠠ ᠶᠢᠨ ᠲᠣᠭᠲᠠᠴᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠵᠠᠯᠭᠠᠮᠵᠢᠯᠠᠭᠴᠢ ᠶᠢ ᠬᠥᠮᠥᠵᠢᠭᠦᠯᠬᠦ ᠶᠢ | ᠴᠢᠬᠤᠯᠠᠴᠢᠯᠠᠬᠤ ᠬᠡᠷᠡᠭᠲᠡᠢ᠃ ᠦᠨᠡᠨᠴᠢ ᠢᠲᠡᠭᠡᠮᠵᠢᠲᠡᠢ ᠬᠠᠤᠯᠢ ᠶᠢ ᠰᠠᠬᠢᠵᠤ ᠡᠵᠡᠩᠨᠡᠬᠦ ᠶᠢ ᠪᠠᠷᠢᠮᠲᠠᠯᠠᠵᠤ᠂ ᠵᠥᠪ ᠦᠷᠳᠡᠭ ᠤᠨ ᠦᠵᠡᠯᠲᠡ ᠪᠣᠯᠣᠨ ᠶᠣᠰᠣ | ᠰᠤᠷᠲᠠᠬᠤᠨ ᠤ ᠦᠵᠡᠯᠲᠡ ᠶᠢ ᠪᠤᠢ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠡᠶ᠎ᠡ ᠵᠣᠬᠢᠴᠠᠯ ᠲᠠᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ | ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ | ᠴᠢᠳᠠᠯ ᠤᠨ ᠬᠢᠷᠢ ᠪᠠᠷ ᠢᠶᠠᠨ ᠣᠷᠣᠯᠴᠠᠵᠤ᠂ ᠨᠡᠶᠢᠭᠡᠮ ᠳᠤ ᠢᠯᠡᠭᠦᠬᠡᠨ ᠬᠠᠶᠢᠷ᠎ᠠ ᠬᠠᠯᠠᠮᠵᠢ ᠪᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠬᠤ᠋ ᠨᠢᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠪᠠ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ | ᠬᠤᠪᠢ ᠨᠡᠮᠡᠷᠢ ᠶᠢ ᠭᠦᠢᠴᠡᠳ ᠨᠤᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠵᠠ ᠲᠣᠭᠢᠶᠠᠯ ᠪᠠ | ᠥᠷᠢᠰᠦᠯᠳᠦᠭᠡᠨ ᠢ ᠵᠥᠪ ᠢᠶᠠᠷ ᠲᠠᠨᠢᠬᠤ ᠶᠢ ᠴᠢᠬᠤᠯᠠᠴᠢᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠪᠡ᠃ ᠶᠠᠷᠢᠶᠠᠨ ᠤ ᠤᠳᠬ᠎ᠠ | ᠰᠠᠨᠠᠭ᠎ᠠ ᠠᠯᠤᠰ ᠭᠡᠲᠦ ᠶᠢᠨ ᠪᠠᠶᠢᠵᠤ᠂ ᠦᠵᠡᠯ ᠰᠠᠨᠠᠭ᠎ᠠ ᠭᠦᠨ ᠭᠦᠨᠵᠡᠭᠡᠢ᠂ ᠥᠭᠦᠯᠡᠯᠲᠡ ᠨᠠᠷᠢᠯᠢᠭ ᠣᠨᠣᠴᠠᠲᠠᠢ᠂ ᠠᠭᠤᠯᠤᠭᠳᠠᠬᠤᠨ ᠡᠯᠪᠡᠭ ᠪᠠᠶᠠᠯᠢᠭ ᠶᠤᠮ᠂ ᠪᠢᠳᠡ | ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ | ᠪᠦᠭᠦ ᠲᠠᠯ᠎ᠠ ᠶᠢᠨ ᠤᠬᠠᠮᠰᠠᠷ᠂ ᠰᠢᠰᠲ᠋ᠧᠮ ᠤᠨ ᠦᠵᠡᠯᠲᠡ᠂ ᠬᠠᠤᠯᠢᠵᠢᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ | ᠢᠯᠡᠳᠬᠡᠪᠡ᠃ | ᠱᠢ ᠲᠠᠢ ᠹᠧᠩ᠂ ᠯᠢ ᠱᠦ ᠯᠧᠢ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃ |