ᠬᠤᠲᠠᠯᠠ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠠᠷᠪᠠᠨ ᠵᠢᠷᠭᠤᠳᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/19
     2 ᠰᠠᠷ᠎ᠠ ᠶᠢᠨ 13 ᠤ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠲᠠᠯᠠ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠤᠨ ᠠᠷᠪᠠᠨ ᠵᠢᠷᠭᠤᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠵᠢᠢ ᠮᠢᠩ᠂ ᠲᠦ᠋ ᠯᠢ ᠪᠢᠨ᠂ ᠱᠠᠨ ᠪᠦᠦ ᠢᠦᠢ᠂ ᠠᠨ ᠴᠢᠩ ᠮᠧᠶ ᠬᠤᠷᠠᠯ ᠳᠤ ᠣᠷᠣᠯᠴᠠᠵᠠᠢ᠃
20250219-1-1.jpg
     ᠬᠤᠷᠠᠯ ᠳᠤ ᠣᠷᠣᠯᠴᠠᠬᠤ  ᠪᠠᠶᠢᠩᠭᠤ ᠶᠢᠨ ᠬᠤᠷᠢᠶᠠᠨ ᠤ ᠭᠡᠰᠢᠭᠦᠨ 22 ᠬᠥᠮᠥᠨ ᠪᠠᠶᠢᠬᠤ ᠶᠣᠰᠣᠲᠠᠢ᠂ 2 ᠬᠥᠮᠥᠨ ᠴᠢᠯᠦᠭᠡ  ᠭᠤᠶᠤᠵᠤ᠂  20 ᠬᠥᠮᠥᠨ ᠬᠤᠷᠠᠯ ᠳᠤ ᠣᠷᠣᠯᠴᠠᠵᠤ᠂ ︽ᠤᠯᠤᠰ ᠲᠥᠷᠥ ᠶᠢᠨ ᠵᠥᠪᠯᠡᠯᠭᠡᠨ ᠤ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠳᠤ  ᠨᠡᠶᠢᠴᠡᠪᠡ᠃     ᠬᠤᠷᠠᠯ ᠠᠴᠠ ᠲᠥᠪᠯᠡᠷᠡᠩᠭᠦᠢ ᠰᠤᠷᠤᠯᠴᠠᠯᠭ᠎ᠠ ᠶᠢ ᠥᠷᠨᠢᠭᠦᠯᠪᠡ᠃ ᠤᠯᠤᠰ ᠲᠦᠷᠦ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ᠂ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠡᠳᠦᠷ ᠤᠨ ᠳᠠᠷᠠᠭᠠᠯᠠᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ᠂ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ︵ᠬᠢᠨᠠᠨ ᠵᠥᠪᠯᠡᠬᠦ ᠨᠣᠣᠷᠠᠭ︶ ᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ︵ᠬᠢᠨᠠᠨ ᠵᠥᠪᠯᠡᠬᠦ ᠨᠣᠣᠷᠠᠭ︶ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃    ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠭᠡᠰᠢᠭᠦᠳ ᠤᠨ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠬᠢᠨᠠᠨ ᠶᠠᠷᠢᠯᠴᠠᠵᠤ ᠲᠣᠭᠲᠠᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠢ 2 ᠰᠠᠷ᠎ᠠ ᠶᠢᠨ 19 ᠤ ᠡᠳᠦᠷ ᠪᠠᠶᠠᠨᠲᠤᠬᠠᠢ ᠪᠠᠯᠭᠠᠰᠤᠨ ᠳᠤ ᠬᠤᠷᠠᠯᠳᠤᠭᠤᠯᠬᠤ ᠪᠠᠷ ᠲᠣᠭᠲᠠᠪᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ