2 ᠰᠠᠷ᠎ᠠ ᠶᠢᠨ 14 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ EOD ᠲᠥᠷᠥᠯ ᠵᠦᠢᠯ ᠤᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠳᠤᠮᠳᠠᠳᠤ ᠤᠯᠤᠰ ᠤᠨ ᠣᠷᠴᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠢᠶᠠᠩ ᠪᠦᠦ᠂ ᠴᠧᠨ ᠵᠢᠶᠠᠨ ᠯᠦᠩ᠂ | ᠳᠤᠮᠳᠠᠳᠤ ᠤᠯᠤᠰ ᠤᠨ ᠣᠷᠴᠢᠨ ᠤ ᠬᠢᠨᠠᠯᠲᠠ ᠶᠢᠨ ᠶᠡᠷᠦᠩᠬᠡᠢ ᠥᠷᠲᠡᠭᠡ ᠶᠢᠨ ᠵᠠᠩ ᠢᠦᠢ ᠰᠢ ᠵᠡᠷᠭᠡ ᠲᠤᠰᠬᠠᠢ ᠮᠡᠷᠭᠡᠵᠢᠯᠲᠡᠨ ᠢ ᠤᠷᠢᠵᠤ ᠰᠢᠰᠲ᠋ᠧᠮ ᠲᠠᠢ ᠲᠠᠶᠢᠯᠤᠮᠵᠢ | ᠪᠠ ᠵᠢᠯᠣᠭᠤᠳᠤᠯᠭ᠎ᠠ ᠬᠢᠯᠭᠡᠵᠡᠢ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠣᠣ ᠳ᠋ᠠ ᠹᠦ᠋᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠳᠠᠷᠤᠭ᠎ᠠ ᠤᠤ ᠬᠤᠶ ᠷᠠᠨ ᠵᠡᠷᠭᠡ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | | ᠬᠤᠷᠠᠯ ᠳᠡᠭᠡᠷ᠎ᠡ᠂ ᠳᠤᠮᠳᠠᠳᠤ ᠤᠯᠤᠰ ᠤᠨ ᠣᠷᠴᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠭᠡᠳᠦ ᠵᠡᠷᠭᠡ ᠶᠢᠨ ᠢᠨᠵᠧᠨᠧᠷ ᠴᠧᠨ | ᠵᠢᠶᠠᠨ ᠯᠦᠩ EOD ᠲᠥᠷᠥᠯ ᠵᠦᠢᠯ ᠤᠨ ᠲᠥᠷᠥ ᠶᠢᠨ ᠪᠣᠳᠣᠯᠭ᠎ᠠ ᠵᠢᠴᠢ ᠬᠡᠷᠡᠭ ᠤᠨ ᠵᠢᠱᠢᠶ᠎ᠡ ᠪᠠᠷ ᠨᠠᠷᠢᠨ ᠵᠠᠳᠠᠯᠤᠯᠲᠠ ᠬᠢᠵᠡᠢ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠤᠤ ᠬᠤᠶ ᠷᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠠᠮᠢᠶ᠎ᠠ ᠪᠦᠬᠦᠢ ᠪᠠᠶᠢᠳᠠᠯ ᠢ | ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠮᠠᠨ ᠤ ᠬᠤᠰᠢᠭᠤᠨ ᠤ ᠠᠮᠢ ᠠᠬᠤᠢ ᠶᠢᠨ ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠤ ᠦᠢᠯᠡᠰ ᠤᠨ | ᠬᠥᠭᠵᠢᠯᠲᠡ ᠶᠢᠨ ᠣᠳᠣᠬᠢ ᠪᠠᠶᠢᠳᠠᠯ᠂ EOD ᠲᠥᠷᠥᠯ ᠵᠦᠢᠯ ᠤᠨ ᠲᠥᠯᠦᠪᠵᠢᠭᠦᠯᠭᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠠᠮᠲᠤᠷᠠᠯᠴᠠᠭᠠᠨ ᠤ | ᠠᠷᠭ᠎ᠠ ᠵᠠᠮ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃ | ᠵᠣᠣ ᠳ᠋ᠠ ᠹᠦ᠋ ᠵᠢᠭᠠᠵᠤ ᠭᠠᠷᠭᠠᠭᠰᠠᠨ ᠨᠢ᠂ EOD ᠲᠥᠷᠥᠯ ᠵᠦᠢᠯ ᠢ ᠬᠡᠷᠡᠭᠵᠢᠭᠦᠯᠬᠦ ᠪᠣᠯ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ︽ᠬᠤᠶᠠᠷ ᠠᠭᠤᠯᠠ︾ ᠶᠢᠨ ᠣᠨᠣᠯ ᠢ ᠦᠢᠯᠡᠳᠦᠯᠭᠡᠵᠢᠭᠦᠯᠬᠦ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠮᠥᠨ᠂ ᠬᠦᠨᠳᠦ ᠴᠢᠬᠤᠯᠠ ᠠᠴᠢ ᠬᠤᠯᠪᠣᠭᠳᠠᠯ ᠲᠠᠢ᠃ ᠲᠦᠷᠦ ᠶᠢᠨ ᠪᠣᠳᠣᠯᠭ᠎ᠠ ᠶᠢ ᠠᠮᠵᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ | ᠲᠦᠰᠢᠭᠯᠡᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠠᠵᠤ ᠦᠢᠯᠡᠰ ᠤᠨ ᠲᠥᠯᠦᠪᠵᠢᠭᠦᠯᠭᠡ ᠶᠢ ᠭᠦᠨᠵᠡᠭᠡᠢ ᠪᠦᠭᠡᠳ ᠪᠣᠳᠠᠲᠠᠢ | ᠠᠳᠬᠤᠵᠤ᠂ EOD ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠠᠴᠠ ᠭᠠᠷᠬᠤ ᠦᠷ᠎ᠡ ᠠᠰᠢᠭ ᠢ ᠬᠤᠯᠪᠣᠭᠳᠠᠬᠤ ᠠᠵᠤ ᠦᠢᠯᠡᠰ ᠤᠨ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠮᠢ ᠠᠬᠤᠢ ᠶᠢ ᠰᠡᠷᠭᠦᠭᠡᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠶᠡᠷᠦᠩᠬᠡᠶᠢᠯᠡᠭᠰᠡᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ ᠤᠯᠠᠨ ᠳᠠᠪᠬᠤᠷ ᠬᠠᠷᠠᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ | ᠦᠷ᠎ᠡ ᠠᠰᠢᠭ ᠢ ᠬᠠᠷᠢᠯᠴᠠᠨ ᠲᠤᠪᠤᠶᠢᠯᠭᠠᠬᠤ ᠶᠢ ᠠᠬᠢᠭᠤᠯᠬᠤ ᠬᠡᠷᠡᠭᠲᠡᠢ᠃ | ᠸᠠᠩ ᠵᠢᠶᠦ᠋ᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠭᠦᠢᠴᠡᠳ ᠴᠢᠯᠦᠭᠡᠯᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ EOD | ᠵᠠᠭᠪᠤᠷ ᠤᠨ ᠤᠭ ᠶᠣᠰᠣ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠡᠮᠦᠨ᠎ᠡ ᠹᠷᠣᠨᠲ ᠶᠢᠨ ᠬᠥᠳᠡᠯᠦᠯ ᠪᠠᠶᠢᠳᠠᠯ ᠪᠠ ᠪᠤᠰᠤᠳ ᠭᠠᠵᠠᠷ ᠣᠷᠣᠨ ᠤ ᠲᠤᠷᠰᠢᠯᠭ᠎ᠠ | ᠠᠷᠭ᠎ᠠ ᠬᠢᠳᠡᠯ ᠢ ᠨᠠᠷᠢᠨ ᠬᠢᠨᠠᠮᠠᠭᠠᠢ ᠰᠤᠳᠤᠯᠤᠨ ᠡᠮᠬᠢᠯᠡᠵᠦ᠂ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ | ᠦᠷᠭᠦᠯᠵᠢᠯᠡᠨ ᠪᠠᠲᠤᠯᠠᠵᠤ᠂ ᠬᠠᠮᠤᠭ ᠤᠨ ᠶᠡᠭᠡ ᠤᠳᠤᠷᠢᠳᠣᠯᠭ᠎ᠠ ᠶᠢᠨ ᠲᠥᠯᠥᠪᠯᠡᠭᠡ ᠶᠢ ᠴᠢᠩᠭᠠᠳᠬᠠᠨ᠂ ᠨᠢᠭᠡ ᠪᠦᠯᠦᠭ ᠬᠡᠷᠡᠭᠵᠢᠭᠦᠯᠵᠦ ᠪᠣᠯᠬᠤ᠂ ᠠᠭᠤᠰᠤᠯᠴᠠᠵᠤ | ᠪᠣᠯᠬᠤ᠂ ᠨᠠᠶᠢᠳᠠᠪᠤᠷᠢᠵᠢᠭᠤᠯᠵᠤ ᠪᠣᠯᠬᠤ EOD ᠲᠥᠷᠥᠯ ᠵᠦᠢᠯ ᠢ ᠯᠠᠪᠳᠠᠭᠤᠨ ᠪᠠᠲᠤᠲᠠᠢ ᠲᠥᠯᠥᠪᠯᠡᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠤᠶᠢᠯᠭᠠᠯᠴᠠᠭᠠ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠭᠠᠷᠳᠠᠬᠤ ᠴᠡᠭ ᠪᠣᠯᠣᠨ ᠬᠦᠴᠦᠯᠡᠬᠦ ᠴᠡᠭ ᠢ | ᠣᠨᠣᠪᠴᠢᠲᠠᠢ ᠣᠯᠵᠤ᠂ ᠲᠦᠷᠦᠯ ᠵᠦᠢᠯ ᠤᠨ ᠵᠢᠷᠤᠭ ᠲᠦᠰᠦᠯ ᠤᠨ ᠲᠥᠯᠦᠪᠵᠢᠭᠦᠯᠭᠡ ᠪᠠᠨ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠵᠤ᠂ ᠬᠥᠯᠥᠨ ᠪᠤᠶᠢᠷ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠬᠦᠴᠦᠨ ᠢᠶᠠᠨ ᠡᠷᠭᠦᠨ᠎ᠡ︕ |