2 ᠳ᠋ᠤᠭᠠᠷ ᠰᠠᠷ᠎ᠠ ᠶᠢᠨ 14 ᠤ ᠡᠳᠦᠷ᠂ ᠬᠥᠯᠥᠨ ᠪᠤᠶᠢᠷ ᠬᠤᠲᠠ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠢ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤᠨ ᠳᠤ ᠬᠤᠷᠠᠯᠳᠤᠪᠠ᠃ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠶᠠᠩ ᠽᠢ ᠵᠢᠶᠠᠩ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠳᠠ ᠶᠢᠨ | ᠲᠣᠮᠢᠯᠠᠭᠰᠠᠨ ᠪᠤᠭᠤᠲᠤ ᠶᠢᠨ ᠬᠤᠯᠪᠣᠭ᠎ᠠ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ ᠵᠤᠤ ᠳ᠋ᠠ ᠹᠦ᠋ ᠣᠨᠴᠠᠭᠠᠶᠢᠯᠠᠨ ᠤᠷᠢᠵᠤ ᠣᠷᠣᠯᠴᠠᠪᠠ᠃ ᠬᠤᠰᠢᠭᠤᠨ ᠤ | ᠤᠳᠤᠷᠢᠳᠤᠯᠭ᠎ᠠ ᠸᠠᠩ ᠵᠢᠶᠦ᠋ᠨ᠂ ᠤᠤ ᠬᠤᠶ ᠷᠠᠨ ᠲᠣᠰ ᠲᠣᠰ ᠪᠠᠷ᠎ᠠ ᠪᠣᠯᠵᠤ᠂ ᠳᠠᠪᠠᠭᠠᠨ ᠤ ᠠᠷᠤ ᠳᠠᠬᠢ 8 ᠭᠠᠵᠠᠷ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠵᠡᠷᠭᠡ 50 ᠭᠠᠷᠤᠢ ᠬᠥᠮᠥᠨ ᠬᠤᠷᠠᠯ ᠳᠤ ᠣᠷᠣᠯᠴᠠᠵᠠᠢ᠃ | | | | | | ᠲᠣᠭᠤᠷᠢᠨ ᠦᠵᠡᠬᠦ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠶᠠᠨᠲᠤᠬᠠᠢ ᠪᠠᠯᠭᠠᠰᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠵᠠᠭᠠᠷᠲᠤ | ᠺᠣᠮᠫᠠᠨᠢ ᠶᠢ ᠰᠢᠨᠵᠢᠯᠡᠨ ᠪᠠᠶᠢᠴᠠᠭᠠᠵᠤ᠂ ᠲᠤᠰ ᠺᠣᠮᠫᠠᠨᠢ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠴᠢᠳᠠᠪᠬᠢ ᠶᠢ | ᠥᠷᠭᠡᠳᠬᠡᠬᠦ᠂ ᠡᠵᠡᠩᠨᠡᠯᠲᠡ ᠶᠢᠨ ᠵᠠᠭᠪᠤᠷ ᠤᠨ ᠬᠡᠯᠪᠡᠷᠢ ᠶᠢ ᠬᠤᠪᠢᠷᠠᠭᠤᠯᠬᠤ ᠵᠡᠷᠭᠡ ᠲᠠᠯ᠎ᠠ ᠪᠠᠷ ᠬᠢ ᠦᠢᠯᠡᠳᠦᠯᠭᠡ ᠶᠢᠨ ᠰᠦᠪᠡᠭᠴᠢᠯᠡᠯᠲᠡ ᠶᠢ ᠨᠠᠷᠢᠨ ᠣᠶᠢᠯᠠᠭᠠᠪᠠ᠃ | | | | | | ᠦᠵᠡᠭᠦᠯᠦᠯᠭᠡ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠶᠠᠷᠢᠯᠴᠠᠨ ᠰᠣᠯᠢᠯᠴᠠᠵᠤ᠂ ᠬᠤᠷᠠᠯ ᠳᠡᠭᠡᠷ᠎ᠡ ᠪᠥᠬᠦ ᠬᠤᠲᠠ ᠶᠢᠨ ︽ᠭᠤᠷᠪᠠ ᠶᠢ | ᠨᠢᠭᠡ ᠴᠣᠭᠴᠠᠵᠢᠭᠤᠯᠬᠤ︾ ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ | ᠱᠠᠲᠤᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠪᠠᠶᠠᠨᠲᠤᠬᠠᠢ ᠪᠠᠯᠭᠠᠰᠤᠨ ᠤ ᠮᠠ ᠲᠢ ᠺᠧᠩ ᠭᠠᠴᠠᠭ᠎ᠠ ᠶᠢᠨ ᠱᠦᠵᠢ᠂ ᠮᠠᠯᠴᠢᠳ ᠤᠨ | ᠲᠥᠯᠥᠭᠡᠯᠡᠭᠴᠢᠳ ᠥᠭᠡᠷᠡᠴᠢᠯᠡᠯᠲᠡ ᠶᠢᠨ ᠲᠤᠷᠰᠢᠯᠭ᠎ᠠ ᠵᠢᠴᠢ ᠥᠭᠡᠷᠡᠴᠢᠯᠡᠯᠲᠡ ᠠᠴᠠ ᠪᠣᠯᠤᠭᠰᠠᠨ ᠦᠢᠯᠡᠳᠪᠦᠷᠢᠯᠡᠯ ᠠᠮᠢᠳᠤᠷᠠᠯ ᠤᠨ ᠪᠣᠳᠠᠲᠠᠢ ᠨᠥᠯᠥᠭᠡ ᠶᠢ | ᠠᠮᠢᠳᠤᠯᠢᠭ ᠢᠶᠠᠷ ᠬᠤᠪᠢᠶᠠᠯᠴᠠᠪᠠ᠃ ᠬᠤᠰᠢᠭᠤᠨ ᠤ ᠤᠳᠤᠷᠢᠳᠤᠯᠭ᠎ᠠ ᠤᠤ ᠬᠤᠶ ᠷᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ︽ | ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠵᠢᠴᠢ ᠲᠤᠷᠰᠢᠯᠲᠠ ᠶᠢᠨ ᠴᠢᠭ᠋ ᠤᠨ ᠺᠣᠮᠫᠠᠨᠢ ᠶᠢ ᠪᠠᠶᠢᠭᠤᠯᠤᠭᠰᠠᠨ᠂ | ᠡᠵᠡᠩᠨᠡᠭᠰᠡᠨ ᠪᠠᠶᠢᠳᠠᠯ ᠵᠡᠷᠭᠡ ᠳᠤ ᠴᠢᠭᠯᠡᠭᠦᠯᠦᠨ ᠨᠡᠶᠢᠲᠡᠯᠢᠭ ᠶᠠᠷᠢᠶ᠎ᠠ ᠲᠠᠯᠪᠢᠵᠤ᠂ ᠪᠤᠰᠤᠳ ᠬᠤᠰᠢᠭᠤ ᠬᠤᠲᠠ ᠲᠣᠭᠤᠷᠢᠭ ᠤᠨ ᠬᠤᠪᠢᠳᠠᠨ ᠬᠠᠮᠢᠶᠠᠷᠬᠤ | ᠤᠳᠤᠷᠢᠳᠤᠯᠭ᠎ᠠ ᠲᠠᠰ ᠳᠠᠷᠠᠭᠠᠯᠠᠨ ᠬᠠᠷᠢᠭᠤ ᠮᠡᠳᠡᠭᠦᠯᠵᠦ ᠶᠠᠷᠢᠶ᠎ᠠ ᠲᠠᠯᠪᠢᠪᠠ᠃ | | | | | | | ᠶᠠᠩ ᠽᠢ ᠵᠢᠶᠠᠩ ᠴᠢᠬᠤᠯᠠᠴᠢᠯᠠᠭᠰᠠᠨ ᠨᠢ᠂ ᠣᠳᠣᠬᠠᠨ ᠳᠤ ᠪᠥᠬᠦ ᠬᠤᠲᠠ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠢ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠲᠤᠬᠠᠶᠢᠯᠠᠭᠰᠠᠨ | ᠠᠵᠢᠯ ᠢᠶᠠᠨ ᠥᠷᠨᠢᠭᠦᠯᠬᠦ ᠲᠠᠯ᠎ᠠ ᠪᠠᠷ ᠵᠢᠱᠢᠯᠲᠡ ᠳᠤ ᠬᠦᠷᠬᠦ ᠦᠭᠡᠢ᠂ ᠡᠯᠧᠮᠧᠨ᠋ᠲ ᠤᠨ ᠪᠠᠲᠤᠯᠠᠭ᠎ᠠ ᠬᠦᠷᠦᠯᠴᠡᠬᠦ ᠦᠭᠡᠢ᠂ ᠺᠣᠮᠫᠠᠨᠢ ᠶᠢᠨ ᠵᠠᠰᠠᠯᠲᠠ ᠲᠡᠭᠦᠯᠳᠡᠷ ᠪᠤᠰᠤ | ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠯ᠎ᠡ ᠬᠤᠰᠢᠭᠤ ᠬᠤᠲᠠ ᠲᠣᠭᠤᠷᠢᠭ ᠤᠨ ᠬᠢᠨ ᠲᠤᠰ ᠤᠳᠠᠭᠠᠨ ᠤ ᠬᠤᠷᠠᠯ ᠢ ᠠᠮᠵᠢᠭᠤᠯᠵᠤ᠂ ᠲᠡᠷᠢᠭᠦᠨ ᠤ ᠬᠢ ᠶᠢ | ᠪᠠᠷᠢᠮᠵᠢᠶᠠᠯᠠᠵᠤ᠂ ᠳᠤᠲᠠᠭᠤᠳᠠᠯ ᠢ ᠨᠥᠬᠦᠪᠦᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠠᠵᠠ ᠲᠣᠬᠢᠶᠠᠯ ᠢ ᠴᠢᠩᠭ᠎ᠠ ᠡᠵᠡᠮᠳᠡᠵᠦ᠂ ᠲᠤᠷᠰᠢᠯᠲᠠ ᠶᠢᠨ ᠴᠢᠭ᠋ ᠤᠨ | ᠦᠢᠯᠡᠳᠬᠦᠨ ᠪᠠ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ ᠥᠷᠭᠡᠳᠬᠡᠬᠦ ᠶᠢ ᠴᠢᠩᠭ᠎ᠠ ᠠᠳᠬᠤᠵᠤ᠂ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠵᠦ᠂ | ᠣᠬᠠᠮᠰᠠᠷ ᠠᠴᠠ ᠪᠠᠨ ᠠᠵᠢᠯᠯᠠᠵᠤ᠂ ᠱᠠᠲᠤ ᠱᠠᠲᠤ ᠪᠠᠷ ᠨᠠᠶᠢᠳᠠᠪᠤᠲᠢᠵᠢᠭᠤᠯᠬᠤ ᠠᠵᠢᠯ ᠤᠨ ᠨᠡᠶᠢᠳᠭᠡᠯ ᠬᠦᠴᠦᠨ ᠢ ᠪᠦᠷᠢᠯᠳᠦᠭᠦᠯᠵᠦ᠂ ᠤᠬᠠᠭᠤᠯᠵᠤ ᠬᠥᠲᠥᠯᠥᠨ | ᠵᠢᠯᠤᠭᠤᠳᠬᠤ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠠᠷ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠶᠢ ᠪᠠᠲᠤᠯᠠᠵᠤ᠂ ︽ᠭᠤᠷᠪᠠ ᠶᠢ ᠨᠢᠭᠡ | ᠴᠣᠭᠴᠠᠵᠢᠭᠤᠯᠬᠤ︾ ᠶᠡᠷᠦᠩᠬᠡᠢ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨᠨᠡᠩ ᠶᠡᠭᠡ ᠦᠷ᠎ᠡ ᠠᠰᠢᠭ ᠢ ᠠᠬᠢᠭᠤᠯᠬᠤ ᠬᠡᠷᠡᠭᠲᠡᠢ ᠭᠡᠪᠡ᠃ | | | | | | |