ᠦᠬᠠᠶ ᠬᠤᠲᠠ ᠨᠠᠷᠢᠯᠢᠭ ᠬᠠᠮᠢᠶᠠᠷᠤᠯᠲᠠ ᠪᠠᠷ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/2/19
     ᠤᠰᠤ ᠲᠠᠲᠠᠵᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠵᠤ᠂ ︽ᠬᠢᠨᠠᠬᠤ᠂ ᠵᠥᠪᠰᠢᠶᠡᠷᠡᠬᠦ᠂ ᠲᠠᠲᠠᠬᠤ᠂ ᠬᠠᠩᠭᠠᠬᠤ᠂ ᠬᠡᠷᠡᠭᠯᠡᠬᠦ᠂ ᠠᠷᠪᠢᠯᠠᠬᠤ᠂ ᠭᠠᠳᠠᠭᠰᠢᠯᠠᠭᠤᠯᠬᠤ︾ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠪᠡᠶᠡᠯᠡᠭᠦᠯᠪᠡ︔ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠶᠤᠨᠴᠢᠯᠠᠭᠰᠠᠨ ᠤᠰᠤᠯᠠᠯᠲᠠ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃ 2024 ᠣᠨ ᠳᠤ 19 ᠠᠵᠤ ᠠᠬᠤᠶᠢᠯᠠᠯ ᠢ ᠤᠰᠤ ᠠᠷᠪᠢᠯᠠᠬᠤ ᠮᠡᠷᠭᠡᠵᠢᠯ ᠢᠶᠠᠷ ᠥᠭᠡᠷᠡᠴᠢᠯᠡᠬᠦ᠂ 637 ᠲᠦᠮᠡᠨ ᠺᠦᠪ ᠮᠧᠳ᠋ᠷ ᠤᠰᠤ ᠠᠷᠪᠢᠯᠠᠬᠤ ᠶᠢ ᠪᠡᠶᠡᠯᠡᠭᠦᠯᠪᠡ ︔ ᠲᠠᠷᠢᠶᠠᠯᠠᠩ ᠤᠨ ᠤᠶᠤᠨᠴᠢᠯᠠᠭᠰᠠᠨ ᠤᠰᠤᠯᠠᠯᠲᠠ ᠶᠢᠨ ᠤᠰᠤ ᠠᠷᠪᠢᠯᠠᠬᠤ ᠬᠡᠮᠵᠢᠶ᠎ᠡ ᠨᠢ ᠪᠠᠷᠤᠭ 40%᠂ 695 ᠲᠦᠮᠡᠨ ᠺᠥᠪ ᠮᠧᠳ᠋ᠷ ᠤᠰᠤ ᠠᠷᠪᠢᠯᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ 0.604 ᠪᠠᠶᠢᠵᠤ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠠᠭᠤᠷᠬᠠᠶ ᠶᠢᠨ ᠬᠤᠳᠳᠤᠭ ᠤᠨ ᠤᠰᠤ ᠵᠡᠷᠭᠡ ᠪᠠᠶᠢᠩᠭᠤ ᠬᠡᠷᠡᠭᠯᠡᠭᠳᠡᠳᠡᠭ ᠪᠤᠰᠤ ᠤᠰᠤᠨ ᠤ ᠰᠤᠷᠪᠤᠯᠵᠢ ᠶᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠵᠤ᠂ ︽ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠤᠶᠠᠳᠤᠭᠠᠷ ᠰᠤᠷᠪᠤᠯᠵᠢ︾ ᠶᠢ ᠪᠣᠢ ᠪᠣᠯᠭᠠᠪᠠ᠃ ᠪᠠᠶᠠᠨᠲᠤᠬᠤᠢ ᠶᠢᠨ ᠭᠠᠰᠢᠭᠤᠨ ᠱᠣᠷᠪᠣᠭ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠪᠠᠶᠢᠩᠭᠤ ᠬᠡᠷᠡᠭᠯᠡᠭᠳᠡᠳᠡᠭ ᠪᠤᠰᠤ ᠤᠰᠤᠨ ᠤ ᠡᠬᠢ ᠪᠠᠶᠠᠯᠢᠭ ᠢ 2000 ᠲᠦᠮᠡᠨ ᠺᠦᠪ ᠮᠧᠳ᠋ᠷ ᠣᠷᠴᠢᠮ ᠠᠭᠤᠳᠠᠯᠪᠠ︔ ᠪᠦᠬᠦ ᠬᠤᠳᠠ ᠶᠢᠨ 21 ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠬᠤᠳᠳᠤᠭ ᠤᠨ ᠤᠰᠤ ᠶᠢ 775 ᠲᠦᠮᠡᠨ ᠺᠦᠪ ᠮᠧᠳ᠋ᠷ ᠴᠤᠭᠯᠠᠭᠤᠯᠤᠨ ᠠᠰᠢᠭᠯᠠᠵᠤ᠂ ᠠᠵᠤ ᠦᠢᠯᠡᠳᠪᠦᠷᠢ ᠶᠢᠨ ᠪᠠ ᠠᠮᠢ ᠠᠬᠤᠢ ᠶᠢᠨ ᠬᠦᠷᠢᠶᠡᠨ ᠳᠤ ᠨᠢᠭᠡᠳᠦᠯᠲᠡᠢ ᠲᠥᠯᠥᠪᠵᠢᠭᠦᠯᠦᠨ ᠬᠡᠷᠡᠭᠯᠡᠪᠡ᠃ ᠦᠬᠠᠢ ᠬᠤᠲᠠ ᠨᠢ ᠪᠦᠬᠦ ᠤᠯᠤᠰ ᠤᠨ ᠲᠠᠬᠢᠯᠲᠠ ᠤᠰᠤ ᠶᠢ ᠠᠰᠢᠭᠯᠠᠨ ᠲᠣᠬᠢᠷᠠᠭᠤᠯᠬᠤ ᠲᠤᠷᠰᠢᠯᠲᠠ ᠶᠢᠨ ᠴᠡᠭ ᠤᠨ ᠳᠤᠮᠳᠠᠬᠢ ᠬᠤᠭᠤᠴᠠᠭᠠᠨ ᠤ ᠦᠨᠡᠯᠡᠨ ᠵᠢᠱᠢᠯᠲᠡ ᠳᠤ ᠲᠤᠷᠰᠢᠯᠲᠠ ᠶᠢᠨ ᠴᠡᠭ ᠤᠨ ᠰᠢᠯᠢᠳᠡᠭ ᠬᠤᠲᠠ ᠪᠠᠷ ᠦᠨᠡᠯᠡᠭᠳᠡᠪᠡ᠃ ︵ᠦᠬᠠᠢ ᠬᠤᠳᠠ ᠶᠢᠨ ᠵᠠᠰᠠᠭ ᠤᠨ ᠣᠷᠳᠣᠨ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ