ᠬᠢᠩᠭᠠᠨ ᠠᠶᠢᠮᠠᠭ ᠣᠷᠣᠨ ᠪᠦᠰᠡ ᠶᠢᠨ ᠬᠠᠮᠲᠤᠷᠠᠯᠴᠠᠭ᠎ᠠ ᠳᠤ ᠪᠠᠨ ᠲᠠᠪᠤ ᠶᠢ ᠨᠡᠶᠢᠳᠡᠮ ᠬᠠᠮᠤᠷᠤᠭᠤᠯᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/2/19
     2024 ᠣᠨ ᠳᠤ ᠬᠢᠩᠭᠠᠨ ᠠᠶᠢᠮᠠᠭ ᠤᠨ ᠬᠢᠨ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠨᠤᠭᠤᠳ ᠠᠴᠠ ᠨᠡᠶᠢᠭᠡᠮ ᠤᠨ ᠢᠳᠡᠪᠬᠢᠯᠢᠭ ᠬᠥᠷᠥᠩᠭᠡ ᠮᠥᠩᠭᠦ ᠶᠢ 223.04 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠬᠤ ᠶᠢ ᠠᠬᠢᠭᠤᠯᠵᠤ᠂ ᠨᠡᠮᠡᠭᠳᠡᠯ ᠤᠨ ᠬᠤᠷᠳᠤᠴᠠ ᠨᠢ 17.2 ᠲᠤ ᠬᠥᠷᠪᠡ᠃ ᠨᠢᠭᠡ ᠳᠤ᠂ ᠭᠤᠣᠯᠳᠠᠯᠭ᠎ᠠ ᠪᠣᠯᠬᠤ ᠠᠵᠤ ᠦᠢᠯᠡᠰ ᠢ ᠨᠡᠶᠢᠳᠡᠮ ᠬᠠᠮᠤᠷᠤᠭᠤᠯᠪᠠ᠃ ᠨᠡᠶᠢᠳᠡ 45 ᠬᠠᠮᠲᠤᠷᠠᠯᠴᠠᠭᠠᠨ ᠤ ᠲᠦᠷᠦᠯ ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 681 ᠳ᠋ᠦᠩᠰᠢᠭᠤᠷ ᠲᠥᠭᠦᠷᠢᠭ ᠲᠤ ᠬᠦᠷᠴᠦ᠂ ᠪᠡᠯᠡ ᠣᠷᠣᠭᠤᠯᠤᠯᠲᠠ ᠶᠢᠨ ᠬᠡᠪᠴᠢᠶᠡᠵᠢᠯ ᠢ ᠨᠢ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 56% ᠪᠠᠷ ᠨᠡᠮᠡᠭᠳᠡᠪᠡ᠂ ᠡᠭᠦᠨ ᠳᠤ ᠲᠠᠷᠢᠶᠠᠯᠠᠩ ᠰᠣᠶᠣᠯ ᠵᠢᠭᠤᠯᠴᠢᠯᠠᠯ ᠤᠨ ᠲᠦᠷᠦᠯ ᠵᠦᠢᠯ 12 ᠪᠠᠶᠢᠵᠤ᠂ ᠵᠥᠪᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ 139 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 87% ᠪᠠᠷ ᠨᠡᠮᠡᠭᠳᠡᠵᠡᠢ᠃ ᠬᠤᠶᠠᠷ ᠲᠤ᠂ ᠭᠤᠣᠯᠳᠠᠯᠭ᠎ᠠ ᠪᠣᠯᠬᠤ ᠭᠠᠵᠠᠷ ᠣᠷᠣᠨ ᠨᠤᠭᠤᠳ ᠢ ᠨᠡᠶᠢᠳᠡᠮ ᠬᠠᠮᠤᠷᠤᠭᠤᠯᠪᠠ᠃ ᠪᠡᠭᠡᠵᠢᠩ᠂ ᠦᠬᠠᠨ ᠵᠡᠷᠭᠡ 11 ᠬᠥᠭᠵᠢᠭᠰᠡᠨ ᠭᠠᠵᠠᠷ ᠣᠷᠣᠨ ᠳᠤ ᠣᠷᠣᠨ ᠪᠦᠰᠡ ᠶᠢᠨ ᠬᠠᠮᠲᠤᠷᠠᠯᠴᠠᠭᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠯᠪᠣᠭ᠎ᠠ ᠠᠪᠬᠤ ᠭᠠᠵᠠᠷ ᠢ ᠪᠠᠶᠢᠭᠤᠯᠤᠨ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠠ ᠱᠠᠨᠳᠦ᠋ᠩ ᠮᠤᠵᠢ ᠳᠤ ᠰᠠᠭᠤᠭ᠎ᠠ ᠣᠷᠣᠨ ᠪᠦᠰᠡ ᠶᠢᠨ ᠬᠠᠮᠲᠤᠷᠠᠯᠴᠠᠭᠠᠨ ᠤ ᠬᠤᠳᠠᠯᠳᠤᠭᠠᠴᠢᠨ ᠤᠷᠢᠬᠤ ᠠᠵᠢᠯ ᠤᠨ 2 ᠳᠤᠭᠤᠶᠢᠯᠠᠩ ᠢ ᠪᠠᠶᠢᠭᠤᠯᠪᠠ᠂ ᠡᠯ᠎ᠡ ᠲᠠᠪᠴᠠᠩ ᠤᠳ ᠤᠨ ᠬᠠᠪᠰᠤᠷᠤᠯᠭ᠎ᠠ ᠲᠠᠢ ᠪᠠᠷ 340 ᠭᠠᠷᠤᠢ ᠬᠠᠷᠠᠯᠲᠠᠲᠤ ᠠᠵᠤ ᠠᠬᠤᠶᠢᠯᠠᠯ ᠯᠤᠭ᠎ᠠ ᠵᠣᠯᠭᠠᠭᠤᠯᠵᠤ᠂ ᠠᠵᠤ ᠠᠬᠤᠶᠢᠯᠠᠯ ᠤᠳ ᠤᠨ 165 ᠲᠥᠷᠥᠯ ᠵᠦᠢᠯ ᠢ ᠲᠠᠨᠢᠯᠴᠠᠭᠤᠯᠤᠨ᠂ 36 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠬᠠᠪᠰᠤᠷᠤᠨ ᠣᠷᠣᠭᠤᠯᠵᠤ ᠠᠪᠴᠢᠷᠠᠭᠰᠠᠨ ᠪᠥᠭᠡᠳ ᠪᠣᠲᠠᠲᠠᠶᠢᠵᠢᠭᠤᠯᠪᠠ᠃ ᠭᠤᠷᠪᠠ ᠳᠤ᠂ ᠭᠤᠣᠯᠳᠠᠯᠭ᠎ᠠ ᠪᠣᠯᠬᠤ ᠠᠵᠢᠯ ᠲᠥᠷᠥᠯ ᠢ ᠨᠡᠶᠢᠳᠡᠮ ᠬᠠᠮᠤᠷᠤᠭᠤᠯᠪᠠ᠃ ᠰᠢᠨ᠎ᠡ ᠪᠠᠷ ᠭᠡᠷ᠎ᠡ ᠲᠣᠭᠲᠠᠨ ᠬᠤᠷᠰᠢᠭᠰᠠᠨ ᠪᠣᠬᠢᠷᠳᠤᠯ ᠦᠭᠡᠢ ᠴᠠᠬᠢᠯᠭᠠᠨ ᠢᠶᠠᠷ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠪᠣᠬᠢᠷᠳᠤᠯ ᠦᠭᠡᠢ ᠮᠧᠲ᠋ᠢᠯ ᠠᠯᠺᠣᠣᠯ ᠦᠢᠯᠡᠳᠬᠦ ᠵᠢᠴᠢ ᠡᠨᠧᠷᠭᠢ ᠨᠥᠭᠡᠴᠡᠯᠡᠬᠦ᠂ ᠯᠢᠲ᠋ᠢ ᠢᠶᠤᠨ ᠤ ᠳ᠋ᠢᠶᠠᠨ ᡂᠢ ᠦᠢᠯᠡᠳᠬᠦ᠂ ᠠᠭᠠᠷ ᠠᠶᠠᠯᠠᠯ ᠤᠨ ᠨᠡᠭᠦᠷᠡᠰᠦᠨ ᠲᠣᠰᠣ ᠦᠢᠯᠡᠳᠬᠦ ᠵᠡᠷᠭᠡ ᠲᠥᠷᠥᠯ ᠵᠦᠢᠯ ᠤᠨ ᠪᠦᠯᠦᠭᠵᠢᠯ ᠤᠨ ᠬᠡᠪᠴᠢᠶᠡᠵᠢᠯ ᠨᠢ 400 ᠳ᠋ᠦᠩᠰᠢᠭᠤᠷ ᠲᠥᠭᠦᠷᠢᠭ ᠢ ᠳᠠᠪᠠᠵᠤ᠂ ᠶᠢᠨ ᠹᠧᠩ ᠪᠣᠬᠢᠷᠳᠤᠯ ᠦᠭᠡᠢ ᠤᠰᠤᠲᠥ᠋ᠷᠥᠭᠴᠢ ᠪᠠᠷ ᠪᠣᠬᠢᠷᠳᠤᠯ ᠦᠭᠡᠢ 50 ᠲᠦᠮᠡᠨ ᠲᠣᠨ ᠮᠧᠲ᠋ᠢᠯ ᠠᠯᠺᠣᠣᠯ ᠦᠢᠯᠡᠳᠬᠦ ᠵᠡᠷᠭᠡ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ 19 ᠲᠥᠷᠥᠯ ᠵᠦᠢᠯ ᠢ ᠬᠡᠷᠡᠭᠵᠢᠭᠦᠯᠵᠦ᠂ 76 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠲᠠᠲᠠᠶᠢᠵᠢᠭᠤᠯᠪᠠ᠃ ᠳᠥᠷᠪᠡ ᠳᠤ᠂ ᠭᠤᠣᠯᠳᠠᠯᠭ᠎ᠠ ᠪᠣᠯᠬᠤ ᠬᠦᠴᠦᠨ ᠢ ᠨᠡᠶᠢᠳᠡᠮ ᠬᠠᠮᠤᠷᠤᠭᠤᠯᠪᠠ᠃ ᠠᠶᠢᠮᠠᠭ ᠤᠨ ᠱᠠᠲᠤᠨ ᠤ ᠤᠳᠤᠷᠢᠳᠤᠯᠭ᠎ᠠ ᠨᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠬᠡᠷᠡᠭᠵᠢᠭᠦᠯᠦᠭᠡᠳ ᠵᠠᠷᠯᠠᠯ ᠬᠦᠯᠢᠶᠡᠭᠰᠡᠨ 8 ᠲᠥᠷᠥᠯ ᠵᠦᠢᠯ᠂ ᠠᠶᠢᠮᠠᠭ ᠤᠨ ᠱᠠᠲᠤᠨ ᠤ ᠳᠠᠭᠠᠭᠠᠴᠢᠯᠠᠨ ᠬᠠᠷᠢᠯᠴᠠᠬᠤ 12 ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠢᠶᠠᠨ ᠡᠬᠢᠯᠡᠭᠦᠯᠪᠡ᠃ ᠲᠠᠪᠤ ᠳᠤ᠂ ᠭᠤᠣᠯᠳᠠᠯᠭ᠎ᠠ ᠪᠣᠯᠬᠤ ᠬᠠᠷᠠᠯᠲᠠ ᠶᠢ ᠨᠡᠶᠢᠳᠡᠮ ᠬᠠᠮᠤᠷᠤᠭᠤᠯᠪᠠ᠃ ᠲᠦᠷᠪᠡᠨ ᠶᠡᠭᠡ ᠠᠵᠤ ᠦᠢᠯᠡᠰ ᠤᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠬᠤ ᠬᠥᠲᠥᠯᠪᠦᠷᠢ ᠶᠢᠨ ᠭᠠᠷ ᠠᠪᠤᠯᠭ᠎ᠠ᠂ ᠠᠵᠤ ᠦᠢᠯᠡᠰ ᠤᠨ ᠵᠢᠷᠤᠭᠲᠤ ᠲᠠᠨᠢᠯᠴᠠᠭᠤᠯᠭ᠎ᠠ ᠶᠢᠨ ᠭᠠᠷ ᠠᠪᠤᠯᠭ᠎ᠠ᠂ ᠨᠥᠭᠡᠴᠡᠯᠡᠬᠦ ᠲᠥᠷᠥᠯ ᠵᠦᠢᠯ ᠤᠨ ᠭᠠᠷ ᠠᠪᠤᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ 101 ᠨᠥᠭᠡᠴᠡᠯᠡᠵᠦ᠂ ᠪᠡᠯᠡ ᠣᠷᠣᠭᠤᠯᠤᠯᠲᠠ ᠶᠢᠨ ᠬᠡᠪᠴᠢᠶᠡᠵᠢᠯ ᠨᠢ 413 ᠳ᠋ᠦᠩᠰᠢᠭᠤᠷ ᠲᠥᠭᠦᠷᠢᠭ ᠲᠤ ᠬᠦᠷᠴᠡᠢ᠂ ᠬᠥᠳᠡᠯᠦᠩᠭᠦᠢ ᠪᠠᠷ ᠨᠥᠬᠦᠪᠦᠷᠢᠯᠡᠨ ᠰᠢᠨᠡᠳᠬᠡᠬᠦ ᠪᠠᠷ ᠳᠠᠮᠵᠢᠭᠤᠯᠤᠨ᠂ ᠬᠠᠮᠲᠤᠷᠠᠯᠴᠠᠵᠤ ᠪᠠᠶᠢᠭᠠᠳ ᠬᠤᠪᠢᠷᠠᠭᠤᠯᠤᠯᠲᠠ ᠲᠠᠢ ᠪᠣᠯᠭᠠᠭᠰᠠᠨ ᠲᠥᠷᠥᠯ ᠵᠦᠢᠯ ᠢ 10 ᠪᠡᠶᠡᠯᠡᠭᠦᠯᠵᠦ᠂ ᠨᠡᠶᠢᠲᠡ 32.25 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠳᠤ ᠬᠤᠯᠪᠣᠭᠳᠠᠨ᠎ᠠ᠃ ︵ᠬᠢᠩᠭᠠᠨ ᠠᠶᠢᠮᠠᠭ ᠤᠨ ᠵᠠᠬᠢᠷᠭ᠎ᠠ︶
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ