2 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠬᠤᠰᠢᠭᠤᠨ ᠤ ᠤᠳᠤᠷᠢᠳᠤᠯᠭ᠎ᠠ ᠤᠤ ᠬᠤᠶ ᠷᠠᠨ᠂ ᠰᠣᠶᠣᠯᠮ᠎ᠠ᠂ ᠬᠤᠲᠠᠯᠠ ᠨᠤᠭᠤᠳ ᠬᠤᠷᠠᠯ ᠳᠤ ᠣᠷᠣᠯᠴᠠᠵᠠᠢ᠃ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠺᠣᠮᠢᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠰᠢᠭᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠲᠠᠩ | ᠯᠢᠨ ᠬᠤᠷᠠᠯ ᠢ ᠡᠷᠭᠢᠯᠡᠭᠰᠡᠨ ᠪᠥᠭᠡᠳ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃ | | | | | ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤ ᠪᠠᠷ ᠢᠶᠠᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠲᠤᠬᠠᠢ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠭᠤᠶᠢᠪᠢᠰᠢ ᠦᠭᠡᠢ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠲᠦᠯᠬᠢᠨ | ᠠᠬᠢᠭᠤᠯᠵᠤ ᠂ ᠬᠡᠯᠪᠡᠷᠢᠴᠢ ᠦᠵᠡᠯ ᠤᠨ ᠴᠡᠭᠴᠡᠯᠡᠨ ᠵᠠᠰᠠᠯᠲᠠ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ | ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭᠠᠨ ᠤ ᠬᠠᠰᠢᠯᠭ᠎ᠠ ᠶᠢ | ᠪᠠᠬᠢᠵᠢᠭᠦᠯᠬᠦ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠡᠯ᠎ᠡ ᠵᠦᠢᠯ ᠤᠨ ᠠᠵᠢᠯ | ᠢᠯᠭᠤᠮ ᠠᠬᠢᠴᠠ ᠲᠠᠢ ᠪᠣᠯᠪᠠ᠃ ᠭᠡᠪᠡᠴᠦ ᠣᠳᠣᠬᠠᠨ ᠳᠤ ᠪᠦᠭᠦ ᠬᠤᠰᠢᠭᠤᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠺᠠᠳ᠋ᠷ ᠤᠨ ᠡᠩᠨᠡᠭᠡᠨ ᠳᠠᠬᠢ ᠠᠵᠢᠯ ᠤᠨ ᠰᠤᠷᠲᠠᠯ | ᠦᠩᠭᠡᠨ ᠲᠡᠳᠦᠢ᠂ ︽ᠤᠳᠠᠭᠠᠨ ᠪᠦᠳᠦᠭᠦᠯᠢᠭ ᠬᠠᠭᠤᠷᠮᠠᠭ︾ ︽ᠠᠵᠢᠯᠯᠠᠬᠤ ᠵᠣᠷᠢᠭ ᠦᠭᠡᠢ ᠠᠵᠢᠯ ᠠᠴᠠ ᠵᠠᠶᠢᠯᠠᠬᠤ︾ ᠺᠠᠳ᠋ᠷ ᠵᠡᠷᠭᠡ ᠠᠰᠠᠭᠤᠳᠠᠯ ᠮᠥᠨ ᠬᠦ | ᠣᠷᠣᠰᠢᠵᠤ ᠪᠠᠶᠢᠨ᠎ᠠ᠂ ᠡᠷᠬᠡᠪᠰᠢ ᠢᠯᠵᠠᠷᠠᠯ ᠢ ᠡᠰᠡᠷᠭᠦᠴᠡᠬᠦ ᠪᠠᠶᠢᠯᠳᠤᠬᠤ ᠪᠣᠳᠣᠯᠭ᠎ᠠ ᠶᠢᠨ ᠳᠠᠪᠵᠢᠶᠠᠷᠢ ᠪᠠ ᠰᠢᠬᠠᠯᠲᠠ ᠶᠢᠨ ᠳᠣᠣᠷᠠᠬᠢ ᠪᠠᠶᠢᠳᠠᠯ ᠢᠶᠠᠨ ᠢᠮᠠᠭᠲᠠ | ᠪᠠᠷᠢᠮᠲᠠᠯᠠᠵᠤ᠂ ᠡᠭᠦᠷᠢᠳᠡ ᠵᠣᠭᠰᠣᠰᠢ ᠦᠭᠡᠢ ᠪᠠᠷᠢᠮᠲᠠᠯᠠᠯ ᠢᠶᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ | | | | ᠸᠠᠩ ᠵᠢᠶᠦ᠋ᠨ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ | ᠪᠠᠷᠢᠮᠲᠠᠯᠠᠵᠤ᠂ ᠨᠢᠭᠡ ᠭᠤᠣᠯ ᠰᠢᠵᠢᠮ ᠢ ᠲᠣᠣᠱᠯᠠᠭᠤᠯᠬᠤ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ | ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠬᠤᠲᠠ ᠶᠢᠨ ᠨᠠᠮ ᠤᠨ | ᠬᠤᠷᠢᠶ᠎ᠠ ᠶᠢᠨ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠤᠨ ᠦᠷ᠎ᠡ ᠪᠦᠲᠦᠭᠡᠯ ᠢ ᠲᠦᠷᠭᠡᠳᠬᠡᠨ ᠬᠤᠪᠢᠷᠠᠭᠤᠯᠵᠤ᠂ ᠤᠯᠤᠰ ᠲᠥᠷᠥ ᠶᠢᠨ ᠬᠢᠨᠠᠯᠲᠠ ᠶᠢ | ᠴᠢᠩᠭᠠᠳᠬᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠶᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠢ ᠴᠡᠭᠴᠡᠯᠡᠨ | ᠢᠯᠵᠢᠷᠡᠯ ᠢ ᠡᠰᠡᠷᠭᠦᠴᠡᠬᠦ ᠶᠢ ᠨᠢᠭᠡ ᠴᠣᠭᠴᠠᠵᠢᠭᠤᠯᠤᠨ ᠭᠦᠨᠵᠡᠭᠡᠶᠢᠷᠡᠭᠦᠯᠦᠨᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠪᠥᠭᠡᠳ | ᠪᠣᠳᠠᠲᠠᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠬᠢᠨᠠᠨ ᠰᠢᠯᠭᠠᠵᠤ ᠤᠷᠮᠠᠰᠢᠭᠤᠯᠬᠤ ᠶᠢ ᠲᠡᠭᠦᠯᠳᠡᠷᠵᠢᠭᠦᠯᠵᠦ᠂ ︽ᠠᠵᠢᠯᠯᠠᠬᠤ | ᠵᠣᠷᠢᠭ ᠦᠭᠡᠢ ᠠᠵᠢᠯ ᠠᠴᠠ ᠵᠠᠶᠢᠯᠠᠬᠤ︾ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠤᠷᠲᠤ | ᠬᠤᠭᠤᠴᠠᠭ᠎ᠠ ᠪᠠᠷ ᠴᠢᠷᠮᠠᠶᠢᠨ ᠴᠢᠩᠭᠠᠳᠬᠠᠵᠤ᠂ ᠠᠷᠢᠭᠤᠨ ᠴᠢᠬᠡᠴᠢ ᠶᠢ ᠡᠷᠬᠢᠮᠯᠡᠵᠦ ᠢᠯᠵᠢᠷᠡᠯ ᠢ ᠡᠰᠡᠷᠭᠦᠴᠡᠬᠦ ᠦᠵᠡᠯ ᠰᠠᠨᠠᠭ᠎ᠠ ᠰᠣᠶᠣᠯ ᠤᠨ ᠰᠠᠭᠤᠷᠢ ᠶᠢ | ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢᠨ | ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ᠂ ᠲᠡᠮᠡᠴᠡᠯ ᠤᠨ ᠵᠣᠷᠢᠭᠲᠠᠢ ᠰᠠᠬᠢᠯᠭ᠎ᠠ ᠪᠠᠲᠤ | ᠬᠢᠨᠠᠨ ᠪᠠᠶᠢᠴᠠᠭᠠᠯᠲᠠ ᠪᠠᠷ ᠴᠢᠳᠠᠮᠠᠭᠠᠢ ᠲᠡᠮᠦᠷ ᠴᠡᠷᠢᠭ ᠢ ᠪᠠᠶᠢᠭᠤᠯᠵᠤ᠂ ᠣᠳᠣᠬᠢᠴᠢᠯᠠᠭᠰᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢ | ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ | ᠬᠤᠷᠠᠯ ᠳᠤ ᠤᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃ | | | |