2 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 | ᠣᠨ ᠤ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠠ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠬᠥᠭᠵᠢᠯᠲᠡ ᠶᠢ ᠠᠬᠢᠭᠤᠯᠬᠤ ᠰᠠᠨᠠᠯ ᠬᠤᠷᠢᠶᠠᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠳᠠᠬᠢᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠮᠵᠢᠵᠤ᠂ ᠥᠪᠥᠷ ᠮᠣᠩᠭᠤᠯ ᠤᠨ ᠵᠡᠭᠦᠨ ᠬᠡᠰᠡᠭ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠣᠨᠣᠴᠠᠲᠠᠢ ᠡᠵᠡᠮᠳᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠭᠤᠣᠯ ᠡᠭᠦᠷᠭᠡ | ᠪᠣᠯᠭᠠᠵᠤ᠂ ᠣᠨᠴᠠᠯᠢᠭᠲᠤ ᠳᠠᠪᠠᠭᠤᠯᠢᠭ ᠢ ᠭᠦᠢᠴᠡᠳ ᠠᠭᠤᠳᠠᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠲᠤᠯ ᠦᠭᠡᠢ | ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠶᠠᠰᠤ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠢᠳᠡᠪᠬᠢᠲᠡᠢ ᠪᠣᠶᠢᠵᠢᠭᠤᠯᠵᠤ᠂ ︽ᠠᠮᠤ ᠪᠤᠳᠠᠭᠠᠨ ᠤ ᠦᠢᠯᠡᠳᠪᠦᠷᠢᠯᠡᠯ ᠢᠶᠠᠷ ᠲᠦᠷᠦᠭᠦᠯᠡᠵᠦ ᠢᠳᠡᠭᠡᠨ ᠤ ᠡᠳ᠋ᠰᠢᠭᠦᠯᠦᠨ ᠪᠣᠯᠪᠠᠰᠤᠷᠠᠭᠤᠯᠤᠯᠲᠠ ᠪᠠᠷ | ᠬᠠᠪᠰᠤᠷᠭᠠᠬᠤ︾ ︽ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠷ ᠲᠦᠷᠦᠭᠦᠯᠡᠵᠦ ᠮᠢᠬᠠᠨ ᠤ ᠭᠠᠷᠭᠠᠯᠲᠠ ᠪᠠᠷ ᠬᠠᠪᠰᠤᠷᠭᠠᠬᠤ︾ ︽ᠲᠠᠷᠢᠶᠠᠯᠠᠩ ᠢᠶᠠᠷ ᠲᠦᠷᠦᠭᠦᠯᠡᠵᠦ | ᠠᠵᠤ ᠦᠢᠯᠡᠳᠪᠦᠷᠢ ᠪᠠᠷ ᠬᠠᠪᠰᠤᠷᠭᠠᠬᠤ︾ ᠠᠵᠢᠯ ᠢ ᠭᠦᠢᠴᠡᠳ ᠬᠢᠵᠦ᠂ ᠬᠥᠯᠥᠨ ᠪᠤᠶᠢᠷ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠤᠯᠠᠨ ᠴᠢᠨᠠᠷ | ᠰᠠᠶᠢᠲᠠᠢ ᠡᠬᠢ ᠪᠠᠶᠠᠯᠢᠭ ᠪᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠠᠲᠠᠵᠤ᠂ ᠬᠥᠯᠥᠨ ᠪᠤᠶᠢᠷ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ︔ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ | ᠪᠢᠴᠢᠭ ᠮᠠᠲ᠋ᠧᠷᠢᠶᠠᠯ ᠪᠠ ᠬᠤᠷᠠᠯ ᠤᠨ ᠠᠵᠢᠯᠯᠠᠭ᠎ᠠ ᠶᠢ ᠶᠡᠭᠡ ᠪᠠᠷ ᠴᠣᠮᠬᠠᠳᠬᠠᠵᠤ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ︽ᠤᠳᠠᠭᠠᠨ ᠪᠦᠳᠦᠭᠦᠯᠢᠭ︾ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠠᠵᠢᠯ ᠬᠢᠵᠦ | ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠬᠠᠤᠯᠢ ᠲᠣᠭᠲᠠᠭᠠᠬᠤ ᠠᠵᠢᠯ ᠤᠨ | ᠲᠥᠯᠥᠪᠯᠡᠭᠡ ︵ᠲᠥᠰᠥᠯ︶︾ ᠪᠣᠯᠣᠨ ᠬᠠᠮᠢᠶ᠎ᠠ ᠪᠦᠬᠦᠢ ᠪᠡᠯᠡ ᠮᠥᠩᠭᠦ ᠶᠢᠨ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | | | |