ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠰᠬᠠᠢ ᠰᠡᠳᠦᠪᠲᠦ ᠵᠣᠬᠢᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
       2 ᠰᠠᠷ᠎ᠠ ᠶᠢᠨ 14᠎ ᠤ ᠡᠳᠦᠷ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠰᠬᠠᠢ  ᠰᠡᠳᠦᠪᠲᠦ ᠵᠣᠬᠢᠴᠠᠭᠤᠯᠬᠤ ᠬᠤᠷᠠᠯ ᠢ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ  ᠭᠦᠢᠯᠭᠡᠭᠡᠨ ᠤ ᠠᠵᠢᠯ ᠤᠨ ᠲᠤᠬᠠᠢ ᠰᠢᠷᠢᠰ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ  ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠠ ᠪᠦᠬᠦ ᠬᠤᠳᠠ ᠶᠢᠨ ︽ᠬᠤᠶᠠᠷ  ᠬᠤᠷᠠᠯ︾᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ  ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠢᠶᠠ ᠰᠢᠶᠣᠣ ᠮᠢᠩ ᠬᠤᠷᠠᠯ ᠡᠷᠭᠢᠯᠡᠪᠡ᠃        ᠵᠢᠢ ᠶᠦᠩ ᠴᠢᠶᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ  ᠠᠭᠤᠰᠤᠯᠴᠠᠵᠤ᠂ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂  ᠢᠲᠡᠭᠡᠮᠵᠢᠲᠦ ᠵᠢᠭᠡᠯᠡᠯᠭᠡ ᠲᠠᠯᠪᠢᠬᠤ ᠬᠡᠪᠴᠢᠶ᠎ᠡ ᠶᠢ ᠥᠷᠭᠡᠳᠬᠡᠵᠦ᠂ ᠪᠦᠬᠦ ᠬᠤᠳᠠ ᠶᠢᠨ ᠭᠤᠣᠯᠳᠠᠯᠭ᠎ᠠ ᠲᠠᠢ ᠬᠥᠭᠵᠢᠯᠲᠡ ᠶᠢᠨ ᠬᠦᠷᠢᠶᠡᠨ ᠳᠤ ᠤᠷᠢᠳᠠᠪᠠᠷ  ᠦᠢᠯᠡᠴᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ  ᠪᠠᠶᠢᠭᠤᠯᠤᠯᠲᠠ᠂ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ᠂ ᠬᠡᠷᠡᠭᠯᠡᠭᠡ ᠶᠢ ᠠᠬᠢᠭᠤᠯᠬᠤ ᠵᠡᠷᠭᠡ ᠬᠦᠷᠢᠶᠡᠨ ᠤ ᠮᠥᠩᠭᠦᠨ ᠭᠦᠢᠯᠭᠡᠭᠡᠨ ᠤ ᠳᠡᠮᠵᠢᠯᠭᠡ ᠶᠢᠨ  ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠨᠠᠷ ᠰᠠᠶᠢᠲᠠᠢ ᠮᠥᠩᠭᠦᠨ ᠭᠦᠢᠯᠭᠡᠭᠡᠨ ᠤ  ᠦᠢᠯᠡᠴᠢᠯᠡᠭᠡ ᠬᠠᠩᠭᠠᠬᠤ ᠬᠡᠷᠡᠭᠲᠡᠢ︔  ᠵᠠᠰᠠᠭ ᠪᠠᠩᠬᠢ ᠠᠵᠤ ᠠᠬᠤᠶᠢᠯᠠᠯ ᠤᠨ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠤᠯᠠᠮ ᠴᠢᠨᠠᠭᠰᠢᠳᠠ ᠪᠠᠶᠢᠭᠤᠯᠤᠨ  ᠲᠡᠭᠦᠯᠳᠡᠷᠵᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠮᠥᠩᠭᠦᠨ ᠭᠦᠢᠯᠭᠡᠭᠡᠨ ᠤ ᠠᠮᠢ ᠠᠬᠤᠢ ᠶᠢ  ᠦᠷᠭᠦᠯᠵᠢᠯᠡᠨ ᠰᠢᠯᠢᠳᠡᠭᠵᠢᠭᠦᠯᠵᠦ᠂ ᠤᠯᠠᠨ ᠲᠠᠯ᠎ᠠ ᠪᠠᠷ ᠰᠠᠶᠢᠨ ᠰᠠᠶᠢᠬᠠᠨ ᠬᠤᠷᠰᠢᠯᠴᠠᠬᠤ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠰᠢᠨ᠎ᠡ ᠲᠣᠭᠲᠠᠮᠵᠢ ᠶᠢ  ᠪᠦᠷᠢᠯᠳᠦᠭᠦᠯᠬᠦ ᠬᠡᠷᠡᠭᠲᠡᠢ︔ ᠵᠠᠰᠠᠭ ᠤᠨ ᠣᠷᠳᠣᠨ ᠪᠣᠯᠣᠨ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠮᠥᠩᠭᠦᠨ  ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠢᠢᠳᠪᠦᠷᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ  ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠪᠦᠬᠦ ᠬᠤᠳᠠ ᠶᠢᠨ ᠮᠥᠩᠭᠦᠨ  ᠭᠦᠢᠯᠭᠡᠭᠡᠨ ᠤ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ