ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/20
       2 ᠰᠠᠷ᠎ᠠ ᠶᠢᠨ 14᠎ ᠤ ᠡᠳᠦᠷ᠂ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠤᠰᠬᠠᠢ ᠰᠡᠳᠦᠪᠲᠦ  ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ  ᠲᠠᠯᠪᠢᠪᠠ᠃        ᠬᠤᠷᠠᠯ ᠠᠴᠠ ᠥᠪᠥᠷ ᠮᠣᠩᠭᠤᠯ ᠤᠨ ᠵᠡᠭᠦᠨ ᠬᠡᠰᠡᠭ ᠤᠨ ᠬᠤᠯᠪᠣᠭᠳᠠᠯ ᠪᠦᠬᠦᠢ ᠠᠶᠢᠮᠠᠭ ᠬᠤᠲᠠ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠪᠠᠨ  ᠭᠦᠨᠵᠡᠭᠡᠶᠢᠷᠡᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ᠂ ᠭᠠᠵᠠᠷ ᠰᠢᠷᠣᠢ ᠶᠢᠨ ᠬᠤᠶᠠᠳᠠᠭᠢ  ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ᠂ ᠪᠣᠭᠤᠮᠲᠠ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠤᠯᠠᠨ ᠤᠯᠤᠰ ᠤᠨ ᠡᠬᠡ ᠬᠠᠭᠤᠷᠠᠢ ᠶᠢᠨ  ᠭᠠᠷᠠᠮ ᠢ ᠲᠥᠯᠥᠪᠵᠢᠭᠦᠯᠦᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ  ᠰᠣᠨᠣᠰᠪᠠ᠃        ᠸᠠᠩ ᠸᠠᠩ ᠱᠧᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠬᠤ ᠳᠤ  ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾᠎ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾᠎ ᠶᠢ ᠪᠣᠳᠠᠲᠠᠢ ᠠᠳᠬᠤᠵᠤ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠠᠰᠠᠭᠤᠳᠠᠯ ᠢ ᠠᠳᠬᠤᠵᠤ᠂ ᠴᠢᠨᠠᠷ ᠰᠠᠶᠢᠲᠠᠢ  ᠬᠥᠭᠵᠢᠯᠲᠡ ᠪᠣᠯᠣᠨ ᠥᠨᠳᠥᠷ ᠲᠦᠪᠰᠢᠨᠲᠦ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠡᠨᠧᠷᠭᠢ ᠶᠢᠨ ᠳᠠᠪᠠᠭᠤᠯᠢᠭ ᠪᠣᠯᠣᠨ ᠤᠰᠤᠨ ᠤ ᠡᠬᠢ ᠪᠠᠶᠠᠯᠢᠭ ᠤᠨ  ᠳᠠᠪᠠᠭᠤᠯᠢᠭ ᠢ ᠥᠷᠭᠡᠳᠬᠡᠵᠦ᠂ ᠠᠯᠤᠰ ᠬᠡᠳᠦ ᠶᠢ ᠬᠠᠮᠢᠶᠠᠷᠬᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠠᠶᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠥᠲᠥᠯᠥᠨ  ᠳᠠᠭᠠᠭᠤᠯᠬᠤ ᠦᠢᠯᠡᠳᠦᠯ ᠢ ᠦᠷᠭᠦᠯᠵᠢᠯᠡᠨ ᠥᠷᠭᠡᠳᠬᠡᠬᠦ ᠬᠡᠷᠡᠭᠲᠡᠢ︔ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠠᠭ  ᠲᠤᠬᠠᠢ ᠳᠤᠨᠢ ᠳᠠᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠳᠤ  ᠦᠢᠯᠡᠴᠢᠯᠡᠬᠦ ᠪᠠᠷ ᠬᠦᠴᠦᠯᠡᠴᠡ ᠪᠣᠯᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠢ ᠪᠣᠭᠤᠳᠠᠯᠯᠠᠬᠤ᠂ ᠣᠷᠣᠨ ᠪᠦᠰᠡ ᠶᠢᠨ ᠡᠬᠢ ᠪᠠᠶᠠᠯᠢᠭ ᠢ ᠲᠣᠬᠢᠷᠠᠭᠤᠯᠬᠤ ᠵᠡᠷᠭᠡ  ᠣᠷᠳᠣ ᠬᠤᠭᠤᠴᠠᠭᠠᠨ ᠤ ᠲᠥᠯᠦᠪᠵᠢᠭᠦᠯᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ ᠵᠦᠢᠯ ᠢ ᠵᠢᠭᠰᠠᠭᠠᠨ  ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ᠂ ᠳᠡᠭᠡᠳᠦ ᠱᠠᠲᠤ ᠪᠠᠷ ᠢᠶᠠᠨ ᠵᠣᠯᠭᠠᠭᠤᠯᠵᠤ ᠲᠡᠮᠡᠴᠡᠨ  ᠣᠯᠬᠤ ᠵᠡᠷᠭᠡ ᠭᠤᠣᠯᠳᠠᠯᠭ᠎ᠠ ᠲᠠᠢ ᠠᠵᠢᠯ ᠢ ᠪᠥᠬᠦ ᠬᠤᠷᠳᠤᠴᠠ ᠪᠠᠷ ᠠᠬᠢᠭᠤᠯᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾᠂ ᠬᠠᠭᠠᠰ ᠵᠢᠯ ᠤᠨ ︽ᠬᠤᠣᠰ ᠳᠠᠪᠠᠯᠲᠠ ᠶᠢ ᠪᠡᠶᠡᠯᠡᠭᠦᠯᠬᠦ︾᠂ ᠪᠥᠬᠦ ᠵᠢᠯ ᠤᠨ ︽ᠲᠠᠪᠤᠳᠤᠭᠠᠷ ᠢ ᠲᠣᠭᠲᠠᠭᠤᠨ ᠪᠠᠲᠤᠯᠠᠬᠤ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ  ᠭᠡᠵᠡᠢ᠃        ᠸᠠᠩ ᠸᠠᠩ ᠱᠧᠩ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠣᠭᠴᠠᠵᠢᠭᠤᠯᠬᠤ︾ ᠰᠢᠰᠲ᠋ᠧᠮ ᠤᠨ ᠪᠠᠶᠢᠭᠤᠯᠤᠯᠲᠠ᠂  ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ᠂ ᠮᠠᠯ ᠤᠨᠤᠭ᠎ᠠ ᠶᠢᠨ ᠲᠠᠯᠠᠪᠠᠢ ᠶᠢ ᠬᠠᠮᠢᠶᠠᠷᠤᠨ ᠡᠵᠡᠮᠳᠡᠬᠦ᠂ ᠬᠠᠤᠯᠢ ᠬᠡᠷᠡᠭᠵᠢᠭᠦᠯᠬᠦ  ᠰᠢᠰᠲ᠋ᠧᠮ ᠢ ᠲᠠᠬᠢᠨ ᠴᠣᠭᠴᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ  ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ︽ᠨᠢᠭᠡ ᠵᠢᠷᠤᠭ︾᠂ ︽ᠨᠢᠭᠡ ᠲᠠᠩᠰᠠ︾᠎ ᠶᠢᠨ ᠰᠡᠳᠬᠢᠮᠵᠢ ᠪᠠ ︽ᠨᠢᠭᠡ  ᠲᠣᠰᠬᠤᠨ ᠳᠤ ᠨᠢᠭᠡ ᠪᠣᠳᠣᠯᠭ᠎ᠠ︾᠎ ᠶᠢᠨ ᠱᠠᠭᠠᠷᠳᠠᠯᠭ᠎ᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠪᠠ ᠬᠥᠳᠡᠯᠦᠩᠭᠦᠢ ᠪᠠᠷ ᠮᠥᠷᠳᠡᠬᠦ  ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠵᠠᠷ ᠰᠢᠷᠣᠢ ᠶᠢᠨ ᠬᠤᠶᠠᠳᠠᠭᠢ ᠡᠭᠡᠯᠵᠢ ᠶᠢᠨ ᠳᠠᠭᠠᠭᠠᠴᠢᠯᠠᠯᠲᠠ ᠶᠢ  ᠤᠷᠲᠤᠳᠬᠠᠬᠤ ᠠᠵᠢᠯ ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠲᠦᠯᠬᠢᠨ ᠠᠬᠢᠭᠤᠯᠵᠤ᠂ ᠬᠠᠭᠤᠯᠪᠤᠷᠢᠯᠠᠨ ᠳᠡᠯᠭᠡᠷᠡᠭᠦᠯᠵᠦ ᠪᠣᠯᠬᠤ  ᠨᠡᠶᠢᠲᠡᠯᠢᠭ ᠲᠤᠷᠰᠢᠯᠭ᠎ᠠ ᠬᠢᠳᠡᠯ ᠢ ᠪᠣᠶ ᠪᠣᠯᠭᠠᠬᠤ ᠬᠡᠷᠡᠭᠲᠡᠢ︔ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠬᠠᠷᠠᠭᠠᠰᠤ ᠠᠴᠠ ᠲᠥᠯᠥᠪᠵᠢᠭᠦᠯᠦᠨ ᠪᠠᠶᠢᠷᠢᠰᠢᠭᠤᠯᠵᠤ᠂  ᠡᠯ᠎ᠡ ᠱᠠᠲᠤᠨ ᠤ ᠲᠥᠷᠥ ᠶᠢᠨ ᠪᠣᠳᠣᠯᠭ᠎ᠠ ᠶᠢ ᠭᠦᠢᠴᠡᠳ ᠰᠤᠳᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠭᠤᠯᠭ᠎ᠠ ᠶᠢ  ᠥᠷᠭᠡᠨ ᠢᠶᠠᠷ ᠣᠶᠢᠯᠠᠭᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠨ ᠰᠦᠪᠡᠭᠴᠢᠯᠡᠵᠦ᠂ ᠪᠣᠭᠤᠮᠲᠠ ᠶᠢᠨ ᠠᠵᠤ ᠠᠬᠤᠢ ᠶᠢᠨ  ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ  ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ