ᠸᠠᠩ ᠸᠠᠩ ᠱᠧᠩ ᠵᠢᠢ ᠶᠦᠩ ᠴᠢᠶᠠᠨ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/20
       2 ᠰᠠᠷ᠎ᠠ ᠶᠢᠨ 16᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂  ᠬᠤᠲᠠ ᠶᠢᠨ ᠳᠠᠷᠤᠭ᠎ᠠ ᠵᠢᠢ ᠶᠦᠩ ᠴᠢᠶᠠᠨ ᠨᠠᠷ ᠬᠠᠭᠤᠴᠢᠨ ᠪᠠᠷᠭᠤ ᠬᠤᠰᠢᠭᠤ᠂ ᠬᠥᠯᠥᠨ ᠪᠤᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ  ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃        ᠬᠥᠯᠥᠨ ᠪᠤᠶᠢᠷ ᠤᠨ ᠶᠢᠨ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠸᠠᠩ ᠸᠠᠩ ᠱᠧᠩ ᠨᠠᠷ ᠠᠵᠤ ᠠᠬᠤᠶᠢᠯᠠᠯ ᠤᠨ ᠶᠠᠪᠤᠭᠳᠠᠯ᠂  ᠲᠦᠷᠦᠯ ᠵᠦᠢᠯ ᠤᠨ ᠲᠥᠯᠦᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ  ᠰᠠᠨᠠᠯ ᠢᠶᠠᠨ ᠭᠦᠨᠵᠡᠭᠡᠢ ᠰᠣᠯᠢᠯᠴᠠᠪᠠ᠃ ᠸᠠᠩ ᠸᠠᠩ ᠱᠧᠩ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠣᠷᠴᠢᠯ ᠠᠵᠤ ᠠᠬᠤᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠦᠢᠯᠡᠳᠬᠦᠨ ᠤ ᠦᠢᠯᠡᠴᠢᠯᠡᠭᠡ ᠶᠢ ᠲᠠᠰᠤᠷᠠᠯᠲᠠ ᠦᠭᠡᠢ  ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠬᠤᠷᠳᠤᠴᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤ  ᠬᠤᠲᠠ ᠲᠣᠭᠤᠷᠢᠭ ᠤᠨ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠪ ᠪᠠ ᠥᠪᠡᠷᠲᠡᠭᠡᠨ ᠵᠠᠰᠠᠬᠤ  ᠣᠷᠣᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠮᠥᠷᠳᠡᠨ ᠰᠤᠷᠤᠯᠴᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ  ᠬᠥᠭᠵᠢᠯᠲᠡ ᠶᠢᠨ ᠪᠠᠶᠢᠳᠠᠯ ᠤᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠢ  ᠬᠥᠲᠥᠯᠥᠨ ᠵᠢᠯᠤᠭᠤᠳᠬᠤ ᠬᠡᠷᠡᠭᠲᠡᠢ ᠭᠡᠵᠡᠢ᠃        ᠬᠥᠯᠥᠨ ᠪᠤᠶᠢᠷ ᠤᠨ ᠠᠵᠤ ᠦᠢᠯᠡᠳᠪᠦᠷᠢ ᠶᠢᠨ ᠲᠣᠭᠤᠷᠢᠭ ᠤᠨ ᠰᠢᠷᠠᠲᠠᠯ᠎ᠠ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠳᠤ᠂ ᠸᠠᠩ ᠸᠠᠩ ᠱᠧᠩ  ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠲᠦᠷᠦᠯ ᠵᠦᠢᠯ ᠤᠨ ᠲᠥᠯᠦᠪᠵᠢᠭᠦᠯᠭᠡ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠳᠠᠲᠠᠢ ᠳᠤ  ᠨᠠᠶᠢᠳᠠᠪᠤᠷᠢᠵᠢᠭᠤᠯᠤᠨ ᠡᠳ᠋ᠰᠢᠭᠦᠯᠦᠭᠰᠡᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠦᠷᠦᠯ  ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ  ᠬᠦᠴᠢᠷᠳᠡᠯ ᠢ ᠨᠢ ᠰᠢᠢᠳᠪᠦᠷᠢᠯᠡᠵᠦ ᠥᠭᠬᠦ ᠶᠢᠨ ᠲᠥᠯᠥᠭᠡ᠂ ᠬᠤᠳᠠ ᠶᠢᠨ ᠱᠠᠲᠤᠨ ᠤ ᠲᠠᠯ᠎ᠠ ᠠᠴᠠ ᠤᠳᠤᠷᠢᠳᠬᠤ ᠺᠠᠳ᠋ᠷᠴᠤᠳ ᠤᠨ ᠳᠠᠭᠠᠭᠠᠴᠢᠯᠠᠨ ᠰᠤᠷᠪᠤᠯᠵᠢᠯᠠᠬᠤ  ᠳᠦᠷᠢᠮ ᠪᠣᠯᠣᠨ ︽ᠳᠠᠯᠳᠠᠭᠤᠷ︾ ᠰᠠᠨᠠᠯ ᠬᠤᠷᠢᠶᠠᠬᠤ ᠲᠣᠭᠲᠠᠴᠠ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ  ᠠᠵᠤ ᠠᠬᠤᠶᠢᠯᠠᠯ ᠯᠤᠭ᠎ᠠ ᠪᠠᠶᠢᠩᠭᠤᠵᠢᠭᠰᠠᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ︽ᠨᠢᠭᠡ ᠠᠵᠤ ᠠᠬᠤᠶᠢᠯᠠᠯ ᠨᠢᠭᠡ ᠲᠦᠷᠦ ᠶᠢᠨ ᠪᠣᠳᠣᠯᠭ᠎ᠠ︾᠎ ᠶᠢ  ᠣᠨᠣᠴᠠᠲᠠᠢ ᠳᠡᠮᠵᠢᠬᠦ ᠦᠢᠯᠡᠴᠢᠯᠡᠭᠡ ᠬᠠᠩᠭᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾᠎ ᠪᠠᠷ ᠬᠠᠭᠠᠰ ᠵᠢᠯ ᠤᠨ ᠭᠠᠷᠤᠯᠲᠠ ᠶᠢ ᠲᠣᠭᠲᠠᠪᠤᠷᠢᠵᠢᠭᠤᠯᠤᠨ  ᠦᠷ᠎ᠡ ᠠᠰᠢᠭ ᠢ ᠨᠡᠮᠡᠭᠳᠡᠭᠦᠯᠬᠦ᠂ ᠪᠦᠬᠦ ᠵᠢᠯ ᠤᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠢ ᠭᠡᠪᠡ᠃        ᠬᠥᠯᠥᠨ ᠪᠤᠶᠢᠷ ᠤᠨ ᡂᠢ ᠬᠤᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠳᠠᠯᠳᠠ ᠬᠦᠴᠦᠨ ᠢ  ᠠᠭᠤᠳᠠᠯᠤᠨ ᠦᠷ᠎ᠡ ᠠᠰᠢᠭ ᠢ ᠨᠡᠮᠡᠭᠳᠡᠭᠦᠯᠬᠦ ᠪᠠ ᠦᠢᠯᠡᠳᠪᠦᠷᠢᠯᠡᠯ ᠢ ᠥᠷᠭᠡᠳᠬᠡᠨ ᠡᠨᠧᠷᠭᠢ ᠣᠯᠭᠤᠬᠤ ᠲᠦᠷᠦᠯ ᠵᠦᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ  ᠪᠠᠶᠢᠴᠠᠭᠠᠨ ᠦᠵᠡᠭᠰᠡᠨ ᠤ ᠳᠠᠷᠠᠭ᠎ᠠ᠂ ᠸᠠᠩ ᠸᠠᠩ ᠱᠧᠩ ᠠᠵᠤ ᠠᠬᠤᠶᠢᠯᠠᠯ ᠤᠨ ᠬᠢᠨ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ  ᠰᠠᠬᠢᠵᠤ᠂ ᠦᠢᠯᠡᠳᠪᠦᠷᠢᠯᠡᠯ ᠤᠨ ᠴᠢᠳᠠᠪᠤᠷᠢ ᠪᠠᠨ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠵᠣᠷᠢᠭᠵᠢᠭᠤᠯᠪᠠ᠃ ᠡᠯ᠎ᠡ ᠬᠤᠯᠪᠣᠭᠳᠠᠯ ᠪᠦᠬᠦᠢ ᠰᠠᠯᠠᠭ᠎ᠠ  ᠮᠥᠴᠢᠷ ᠤᠨ ᠬᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ  ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃        ᠵᠢᠢ ᠶᠦᠩ ᠴᠢᠶᠠᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ  ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠲᠥᠯᠥᠪᠵᠢᠭᠦᠯᠵᠦ᠂ ᠨᠠᠷᠢᠯᠢᠭ ᠬᠠᠮᠢᠶᠠᠷᠴᠤ᠂ ᠣᠨᠣᠴᠠᠲᠠᠢ ᠬᠢᠨᠠᠨ ᠬᠠᠮᠢᠶᠠᠷᠴᠤ᠂ ᠠᠵᠤ ᠠᠬᠤᠶᠢᠯᠠᠯ ᠢ ᠵᠢᠯᠣᠭᠤᠳᠤᠨ  ᠬᠠᠪᠰᠤᠷᠴᠤ ᠥᠪᠡᠷ ᠤᠨ ᠦᠷᠳᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠲᠦᠷᠭᠡᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ  ᠲᠤᠯᠭᠠᠭᠤᠷᠢᠯᠠᠯ ᠢ ᠴᠢᠩᠭᠠᠳᠬᠠᠵᠤ᠂ ᠣᠨᠣᠴᠠᠲᠠᠢ ᠪᠠᠷ ᠬᠠᠤᠯᠢ ᠬᠡᠷᠡᠭᠵᠢᠭᠦᠯᠬᠦ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠪᠦᠬᠦ  ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠲᠠ ᠶᠢᠨ ᠤᠳᠤᠷᠢᠳᠤᠯᠭ᠎ᠠ ᠵᠢᠶᠠ ᠰᠢᠶᠣᠣ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃        
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ