ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/20
       2 ᠳ᠋ᠤᠭᠠᠷ ᠰᠠᠷ᠎ᠠ ᠶᠢᠨ 17᠎ ᠤ ᠡᠳᠦᠷ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠥᠬᠡᠬᠤᠲᠠ ᠳᠤ ᠬᠤᠷᠠᠯᠳᠤᠪᠠ᠃  ᠬᠤᠷᠠᠯ ᠠᠴᠠ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ 2025 ᠣᠨ ᠤ ᠡᠭᠦᠷᠭᠡ ᠶᠢ  ᠰᠤᠳᠤᠯᠤᠨ ᠪᠠᠶᠢᠷᠢᠯᠠᠭᠤᠯᠪᠠ᠃        ᠬᠤᠷᠠᠯ ᠠᠴᠠ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ  ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ  ᠰᠤᠷᠭᠠᠨ ᠬᠥᠮᠥᠵᠢᠭᠦᠯᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠣᠶᠣᠯ ᠤᠨ ᠪᠠᠶᠢᠭᠤᠯᠤᠮᠵᠢ  ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ︽ᠵᠢᠷᠭᠤᠭᠠᠨ ᠠᠵᠢᠯᠯᠠᠭ᠎ᠠ︾᠎ ᠶᠢ ᠪᠦᠬᠦ ᠲᠠᠯ᠎ᠠ ᠪᠠᠷ ᠳᠡᠮᠵᠢᠵᠦ᠂ ︽ᠨᠢᠭᠡ ᠭᠤᠣᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂  ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠡᠩᠨᠡᠭᠡ ᠳᠤ ᠣᠷᠣᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠵᠤ᠂  ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ᠂ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ  ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠡᠷᠡᠰ  ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠣᠷᠣᠨ ᠤ  ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ