ᠵᠢᠢ ᠶᠦᠩ ᠴᠢᠶᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠳ᠋ᠢᠩ ᠵᠢᠶᠦ᠋ᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/20
       2 ᠰᠠᠷ᠎ᠠ ᠶᠢᠨ 17᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠳᠤᠮᠳᠠᠳᠤ ᠤᠯᠤᠰ ᠤᠨ  ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂  ᠪᠠᠩᠬᠢ ᠶᠢᠨ ᠳᠠᠷᠤᠭ᠎ᠠ ᠳ᠋ᠢᠩ ᠵᠢᠶᠦ᠋ᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠠᠯᠬᠤᠮ ᠴᠢᠨᠠᠭᠰᠢᠳᠠ ᠴᠢᠩᠭᠠᠳᠬᠠᠬᠤ ᠲᠤᠬᠠᠢ  ᠰᠠᠨᠠᠯ ᠢᠶᠠᠨ ᠭᠦᠨᠵᠡᠭᠡᠢ ᠰᠣᠯᠢᠯᠴᠠᠪᠠ᠃         ᠵᠢᠢ ᠶᠦᠩ ᠴᠢᠶᠠᠨ ᠳ᠋ᠢᠩ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ  ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ  ᠢᠯᠡᠳᠬᠡᠪᠡ᠃ ᠲᠡᠷᠡ᠂ ᠣᠳᠣᠬᠠᠨ ᠳᠤ ᠬᠥᠯᠥᠨ ᠪᠤᠶᠢᠷ ᠬᠤᠲᠠ ᠶᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠲᠠᠪᠤᠨ ᠵᠦᠢᠯ ᠤᠨ ᠥᠭᠡᠷᠡᠴᠢᠯᠡᠯᠲᠡ ᠶᠢᠨ  ᠰᠡᠳᠦᠪ ᠤᠨ ᠦᠷ᠎ᠡ ᠪᠦᠲᠦᠭᠡᠯ ᠢ ᠪᠥᠬᠦ ᠲᠠᠯ᠎ᠠ ᠪᠠᠷ ᠬᠤᠪᠢᠷᠠᠭᠤᠯᠵᠤ᠂ ᠡᠨᠡ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠷᠥᠯ ᠵᠦᠢᠯ ᠤᠨ  ᠬᠥᠮᠥᠷᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢᠨ  ᠬᠤᠷᠳᠤᠴᠠ ᠪᠠ ᠦᠷ᠎ᠡ ᠠᠰᠢᠭ ᠢ ᠳᠡᠭᠡᠭᠰᠢᠯᠡᠭᠦᠯᠵᠦ ᠪᠤᠢ᠂ ᠬᠤᠶᠠᠷ ᠲᠠᠯ᠎ᠠ ᠪᠠᠷ ᠢᠶᠠᠨ ᠪᠣᠳᠠᠲᠤ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂  ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠠᠮᠢ ᠠᠬᠤᠢ ᠶᠢ ᠬᠠᠮᠠᠭᠠᠯᠠᠨ ᠵᠠᠰᠠᠬᠤ᠂ ᠰᠠᠭᠤᠷᠢ ᠲᠥᠬᠦᠭᠡᠷᠦᠮᠵᠢ ᠶᠢᠨ  ᠪᠦᠲᠦᠭᠡᠨ ᠪᠠᠶᠢᠭᠤᠯᠤᠯᠲᠠ ᠪᠠ ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠬᠦᠷᠢᠶ᠎ᠡ ᠴᠠᠷᠠᠭ᠎ᠠ ᠳᠤ ᠬᠥᠯᠥᠨ ᠪᠤᠶᠢᠷ ᠲᠤ ᠨᠡᠩ ᠤᠯᠠᠨ ᠢᠲᠡᠭᠡᠮᠵᠢᠲᠦ  ᠵᠢᠭᠡᠯᠡᠯᠭᠡ ᠶᠢᠨ ᠳᠡᠮᠵᠢᠯᠭᠡ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠬᠦᠰᠡᠵᠦ ᠪᠠᠶᠢᠨ᠎ᠠ᠃ ᠬᠥᠯᠥᠨ ᠪᠤᠶᠢᠷ ᠦᠢᠯᠡᠴᠢᠯᠡᠭᠡ ᠪᠠᠲᠤᠯᠠᠭ᠎ᠠ ᠶᠢ ᠪᠥᠬᠦ  ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ ᠪᠠᠩᠬᠢ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ  ᠬᠠᠮᠲᠤᠷᠠᠯᠴᠠᠭ᠎ᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠭᠡᠪᠡ᠃        ᠳ᠋ᠢᠩ ᠵᠢᠶᠦ᠋ᠨ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ  ᠪᠠᠩᠬᠢ ᠬᠥᠯᠥᠨ ᠪᠤᠶᠢᠷ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠠᠭᠤᠰᠤᠯᠴᠠᠵᠤ᠂ ᠪᠣᠳᠠᠲᠤ ᠴᠣᠭᠴᠠ ᠶᠢᠨ ᠠᠵᠤ  ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠣᠯᠭᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠦᠷᠭᠦᠯᠵᠢᠯᠡᠨ  ᠰᠢᠯᠢᠳᠡᠭᠵᠢᠭᠦᠯᠵᠦ᠂ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ  ᠨᠡᠮᠡᠷᠢᠯᠡᠨ᠎ᠡ ᠭᠡᠵᠦ ᠢᠯᠡᠳᠬᠡᠪᠡ᠃        ᠬᠤᠳᠠ ᠶᠢᠨ ᠤᠳᠤᠷᠢᠳᠤᠯᠭ᠎ᠠ ᠵᠢᠶᠠ ᠰᠢᠶᠣᠣ ᠮᠢᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ