2 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠲᠤᠰᠬᠠᠢ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠲᠣᠬᠢᠷᠠᠭᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠣᠳᠣᠬᠠᠨ ᠳᠤ ᠮᠠᠨ ᠤ ᠬᠤᠲᠠ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠬᠦ ᠴᠢᠬᠤᠯᠠ ᠱᠠᠲᠤ ᠦᠶ᠎ᠡ ᠪᠠ | ᠨᠢᠭᠡᠳᠦᠭᠡᠷ ᠤᠯᠠᠷᠢᠯ ᠤᠨ ᠠᠵᠢᠯ ᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠠᠳ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠤᠳᠠᠭ᠎ᠠ ᠪᠦᠷᠢ ᠶᠢᠨ ᠶᠠᠷᠢᠶᠠᠨ ᠤ ᠵᠣᠷᠢᠭ ᠰᠠᠨᠠᠭ᠎ᠠ | ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠣᠨᠣᠪᠴᠢᠲᠠᠢ ᠡᠵᠡᠮᠳᠡᠵᠦ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ ᠱᠠᠲᠤ ᠦᠶ᠎ᠡ ᠶᠢᠨ ᠴᠢᠨᠠᠷᠲᠠᠢ ᠬᠤᠪᠢᠷᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠡᠵᠡᠮᠳᠡᠵᠦ᠂ ᠦᠵᠡᠯ | ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠬᠥᠯᠥᠨ ᠪᠤᠶᠢᠷ ᠤᠨ ᠬᠥᠭᠵᠢᠯᠲᠡ ᠶᠢᠨ ᠠᠷᠭ᠎ᠠ ᠵᠠᠮ ᠢᠶᠠᠨ ᠪᠦᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ | ᠬᠥᠭᠵᠢᠯᠲᠡ ᠶᠢᠨ ᠳᠤᠲᠠᠭᠤᠳᠠᠯ ᠪᠠᠭᠤᠷᠠᠢ ᠲᠠᠯ᠎ᠠ ᠪᠠ ᠳᠠᠯᠳᠠ ᠬᠥᠳᠡᠯᠭᠡᠬᠦ ᠬᠦᠴᠦᠨ ᠤ ᠲᠤᠯᠭᠠᠭᠤᠷᠢᠯᠠᠯ ᠢ ᠵᠥᠪ ᠣᠨᠣᠪᠴᠢᠲᠠᠢ ᠰᠢᠢᠳᠪᠦᠷᠢᠯᠡᠵᠦ᠂ ᠠᠵᠢᠯ ᠤᠨ | ᠰᠡᠳᠬᠢᠮᠵᠢ ᠪᠠᠨ ᠪᠦᠬᠦ ᠲᠠᠯ᠎ᠠ ᠪᠠᠷ ᠡᠮᠬᠢᠯᠡᠵᠦ᠂ ᠡᠭᠦᠷᠭᠡ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠡᠮᠬᠢᠯᠡᠵᠦ᠂ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠡᠭᠦᠷᠭᠡ ᠪᠠᠨ ᠪᠣᠳᠠᠲᠠᠶᠢᠵᠢᠭᠤᠯᠤᠨ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠴᠤᠭ | ᠰᠦᠯᠳᠡ ᠪᠠᠨ ᠪᠠᠳᠠᠷᠠᠭᠤᠯᠵᠤ᠂ ᠲᠠᠪᠤᠨ ᠶᠡᠭᠡ ᠥᠭᠡᠷᠡᠴᠢᠯᠡᠯᠲᠡ ᠶᠢᠨ ᠰᠡᠳᠦᠪ ᠪᠣᠯᠣᠨ ᠪᠦᠬᠦ ᠬᠦᠷᠢᠶ᠎ᠡ ᠪᠦᠬᠦ ᠡᠯᠧᠮᠧᠨ᠋ᠲ ᠤᠨ ᠡᠬᠢ ᠪᠠᠶᠠᠯᠢᠭ ᠢ ᠵᠢᠭᠰᠠᠭᠠᠨ | ᠪᠠᠶᠢᠴᠠᠭᠠᠭᠰᠠᠨ ᠦᠷ᠎ᠡ ᠪᠦᠲᠦᠭᠡᠯ ᠢ ᠨᠢᠭᠡ ᠴᠣᠭᠴᠠᠵᠢᠭᠤᠯᠤᠨ ᠣᠨᠳᠣᠣᠰᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠣᠭᠤᠳᠠᠯ | ᠪᠠᠭᠯᠠᠭ᠎ᠠ ᠶᠢᠨ ᠠᠷᠠᠯᠵᠢᠶᠠᠴᠢᠨ ᠤᠷᠢᠬᠤ ᠬᠡᠷᠡᠭᠴᠡᠭᠡ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠷᠦᠯ | ᠵᠦᠢᠯ ᠤᠨ ᠲᠥᠯᠦᠪᠵᠢᠭᠦᠯᠭᠡ ᠶᠢ ᠵᠡᠷᠭᠡᠪᠡᠷ ᠰᠠᠶᠢᠲᠤᠷ ᠪᠣᠳᠠᠲᠠᠢ ᠲᠥᠯᠥᠪᠵᠢᠭᠦᠯᠵᠦ᠂ ᠡᠨᠧᠷᠭᠢ᠂ ᠠᠭᠤᠷᠬᠠᠢ ᠶᠢᠨ ᠭᠠᠷᠤᠯᠲᠠ᠂ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠨᠠᠷ ᠰᠠᠶᠢᠲᠠᠢ ᠲᠦᠷᠦᠯ ᠵᠦᠢᠯ ᠢ ᠣᠷᠣᠭᠤᠯᠤᠨ ᠠᠪᠴᠢᠷᠠᠬᠤ ᠳᠤ ᠰᠠᠶᠢᠨ ᠰᠠᠶᠢᠬᠠᠨ | ᠨᠥᠬᠦᠴᠡᠯ ᠡᠭᠦᠳᠴᠦ᠂ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠵᠤ᠂ ︽ | ᠬᠠᠪᠤᠷ ᠤᠨ ᠡᠬᠢ ᠪᠠᠷ ᠠᠵᠢᠯ ᠡᠬᠢᠯᠡᠭᠦᠯᠬᠦ︾ ᠶᠢ ᠪᠠᠲᠤᠯᠠᠬᠤ ᠬᠡᠷᠡᠭᠲᠡᠢ︔ ︽ᠨᠢᠭᠡ ᠵᠢᠷᠤᠭ︾᠂ ︽ᠨᠢᠭᠡ ᠲᠠᠩᠰᠠ︾ ᠶᠢᠨ ᠰᠡᠳᠬᠢᠴᠡ ᠶᠣᠰᠣᠭᠠᠷ᠂ ᠱᠠᠯᠠᠪᠳᠠᠭᠤᠯᠤᠨ | ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠳᠤᠲᠠᠭᠤ ᠲᠤᠷᠭᠤᠨ ᠬᠢᠬᠦ ᠦᠭᠡᠢ᠂ ᠬᠤᠪᠢᠷᠠᠭᠤᠯᠬᠤ ᠦᠭᠡᠢ ᠪᠠᠶᠢᠵᠤ᠂ ᠰᠢᠨ᠎ᠡ | ᠡᠨᠧᠷᠭᠢ ᠶᠢᠨ ᠠᠵᠤ ᠦᠢᠯᠡᠰ ᠢ ᠨᠠᠶᠢᠳᠠᠪᠤᠷᠢᠵᠢᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠤᠶᠤᠴᠢᠯᠠᠨ ᠪᠠᠶᠢᠭᠤᠯᠬᠤ᠂ | ᠪᠣᠭᠤᠮᠲᠠ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢᠨ ᠪᠦᠲᠦᠭᠡᠨ ᠪᠠᠶᠢᠭᠤᠯᠤᠯᠲᠠ᠂ ᠡᠪᠦᠯ ᠤᠨ | ᠤᠯᠠᠷᠢᠯ ᠤᠨ ᠵᠤᠭᠠᠴᠠᠯ ᠤᠨ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠬᠦ ᠵᠡᠷᠭᠡ ᠭᠤᠣᠯᠳᠠᠯᠭ᠎ᠠ ᠲᠠᠢ ᠠᠵᠢᠯ ᠳᠤ ᠦᠷ᠎ᠡ ᠪᠦᠲᠦᠮᠵᠢ ᠣᠯᠬᠤ᠂ ᠦᠷ᠎ᠡ | ᠪᠦᠲᠦᠭᠡᠯ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | |