| | | | | ᠨᠡᠶᠢᠲᠡᠯᠡᠭᠰᠡᠨ ᠴᠠᠭ᠄ | 2025/2/10 | | ᠣᠶᠢᠷ᠎ᠠ ᠶᠢᠨ ᠵᠢᠯ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠠᠭᠤᠷᠢ ᠰᠤᠷᠭᠠᠨ ᠬᠥᠮᠦᠵᠢᠯ ᠤᠨ ᠰᠤᠳᠤᠯᠭᠠᠨ ᠪᠣᠯᠣᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2024 ᠣᠨ ᠳᠤ ᠠᠩᠬᠠᠳᠠᠭᠴᠢ ᠪᠦᠯᠦᠭ ᠤᠨ | ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠲᠤᠰᠬᠠᠢ ᠰᠡᠳᠦᠪ ᠢ ᠲᠣᠬᠢᠷᠠᠭᠤᠯᠵᠤ ᠢᠳᠡᠪᠬᠢᠲᠡᠢ ᠦᠷ᠎ᠡ | ᠪᠦᠲᠦᠮᠵᠢ ᠣᠯᠵᠠᠢ᠃ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠠᠵᠢᠯ ᠤᠨ ᠲᠤᠰᠬᠠᠢ ᠰᠡᠳᠦᠪ ᠨᠢ | ᠪᠦᠭᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠳᠤᠮᠳᠠᠳᠤ ᠶᠢᠨ ᠰᠤᠷᠭᠠᠨ | ᠬᠥᠮᠦᠵᠢᠯ ᠪᠠ ᠣᠨᠴᠠᠭᠠᠶ ᠰᠤᠷᠭᠠᠨ ᠬᠥᠮᠦᠵᠢᠯ ᠢ ᠬᠠᠮᠤᠷᠴᠤ᠂ ᠰᠠᠭᠤᠷᠢ ᠰᠤᠷᠭᠠᠨ ᠬᠥᠮᠦᠵᠢᠯ ᠤᠨ ᠡᠯ᠎ᠡ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠯᠲᠠ ᠶᠢᠨ | ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠦᠴᠢᠷ ᠠᠰᠠᠭᠤᠳᠠᠯ ᠪᠠ ᠳᠤᠲᠠᠭᠤᠳᠠᠯ ᠢ | ᠲᠠᠶᠢᠯᠵᠤ᠂ ᠨᠢᠭᠡ ᠪᠦᠯᠦᠭ ᠥᠨᠳᠥᠷ ᠪᠦᠲᠦᠮᠵᠢᠲᠡᠢ ᠵᠢᠭᠠᠨ ᠰᠤᠷᠭᠠᠯᠲᠠ ᠶᠢᠨ ᠵᠠᠭᠪᠤᠷ ᠢ ᠪᠠᠶᠢᠭᠤᠯᠵᠤ᠂ ᠨᠢᠭᠡ ᠪᠦᠯᠦᠭ ᠡᠷᠳᠡᠮ ᠰᠢᠨᠵᠢᠯᠡᠭᠡᠨ ᠤ ᠥᠭᠦᠯᠡᠯ ᠪᠠ | ᠰᠤᠳᠤᠯᠭᠠᠨ ᠤ ᠮᠡᠳᠡᠭᠦᠯᠦᠯᠲᠡ ᠶᠢ ᠪᠦᠷᠢᠯᠳᠦᠭᠦᠯᠵᠡᠢ᠃ 2025 ᠣᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠠᠰᠠ | 235 ᠵᠦᠢᠯ ᠤᠨ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠤᠰᠬᠠᠢ ᠰᠡᠳᠦᠪ ᠢ ᠲᠣᠬᠢᠷᠠᠭᠤᠯᠵᠤ᠂ ᠰᠢᠨ᠎ᠡ ᠬᠢᠴᠢᠶᠡᠯ᠂ ᠰᠢᠨ᠎ᠡ | ᠵᠢᠭᠠᠬᠤ ᠮᠠᠲ᠋ᠧᠷᠢᠶᠠᠯ᠂ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠨ᠎ᠡ ᠠᠬᠤᠢ ᠪᠠᠶᠢᠳᠠᠯ ᠳᠣᠣᠷᠠᠬᠢ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠰᠢᠨ᠎ᠡ ᠬᠡᠪ ᠵᠠᠭᠪᠤᠷ ᠰᠢᠨ᠎ᠡ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠨ᠎ᠡ᠃ | | | | |