ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ | ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠤᠰ ᠲᠥᠷᠥ ᠶᠢᠨ | ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠰᠢᠵᠦ᠂ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠥᠨ ᠢ ᠬᠥᠮᠥᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠢ | ᠬᠥᠮᠥᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠦᠢᠯᠡᠴᠢᠯᠡᠵᠦ᠂ ᠳᠤᠮᠳᠠᠳᠤ | ᠤᠯᠤᠰ ᠤᠨ ᠡᠬᠡ ᠭᠠᠵᠠᠷ ᠲᠤ ᠦᠨᠳᠦᠰᠦᠯᠡᠵᠦ ᠰᠤᠷᠭᠠᠨ ᠬᠥᠮᠦᠵᠢᠯ ᠡᠷᠭᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ | ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠬᠦᠴᠦᠨ᠂ | ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ | 2027 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠱᠠᠲᠤ ᠦᠶ᠎ᠡ ᠶᠢᠨ ᠴᠢᠨᠠᠷᠲᠠᠢ ᠦᠷ᠎ᠡ | ᠪᠦᠲᠦᠮᠵᠢ ᠣᠯᠣᠨ᠎ᠠ | ᠭᠤᠣᠯ ᠬᠠᠷᠠᠯᠲᠠ᠄ | ᠡᠯ᠎ᠡ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠴᠢᠨᠠᠷ ᠰᠠᠶᠢᠲᠠᠢ ᠰᠤᠷᠭᠠᠨ | ᠬᠥᠮᠦᠵᠢᠯ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢᠨ ᠪᠦᠲᠦᠴᠡ ᠨᠢ ᠠᠵᠤ ᠠᠬᠤᠢ ᠨᠡᠶᠢᠭᠡᠮ ᠪᠣᠯᠣᠨ | ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠯᠦᠭᠡ ᠨᠡᠩ ᠰᠠᠶᠢᠲᠤᠷ ᠵᠣᠬᠢᠴᠠᠵᠤ᠂ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠪᠦᠬᠦᠢ | ᠴᠢᠬᠤᠯᠠ ᠰᠤᠷᠭᠠᠨ ᠬᠥᠮᠦᠵᠢᠯ ᠤᠨ ᠲᠥᠪ ᠤᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠨ᠎ᠠ᠃ | 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠨ᠎ᠡ | ᠨᠠᠮ ᠠᠴᠠ ᠰᠤᠷᠭᠠᠨ ᠬᠥᠮᠦᠵᠢᠯ ᠤᠨ ᠦᠢᠯᠡᠰ ᠢ ᠪᠦᠭᠦ ᠲᠠᠯ᠎ᠠ ᠪᠠᠷ ᠤᠳᠤᠷᠢᠳᠬᠤ ᠳᠦᠷᠢᠮ ᠤᠨ ᠰᠢᠰᠲ᠋ᠧᠮ ᠪᠣᠯᠣᠨ ᠠᠵᠢᠯ ᠤᠨ ᠲᠣᠭᠲᠠᠴᠠ ᠶᠢᠨ ᠰᠢᠰᠲ᠋ᠧᠮ | ᠪᠦᠷᠢᠨ ᠲᠡᠭᠦᠯᠳᠡᠷᠵᠢᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠰᠠᠭᠤᠷᠢ ᠰᠤᠷᠭᠠᠨ ᠬᠥᠮᠦᠵᠢᠯ ᠤᠨ | ᠲᠦᠭᠡᠮᠡᠯᠵᠢᠭᠰᠡᠨ ᠬᠢᠷᠢ ᠲᠦᠪᠰᠢᠨ ᠪᠣᠯᠣᠨ ᠶᠠᠰᠤ ᠴᠢᠨᠠᠷ ᠳᠡᠯᠡᠬᠡᠢ ᠶᠢᠨ ᠡᠮᠦᠨ᠎ᠡ ᠡᠩᠨᠡᠭᠡᠨ ᠳᠤ ᠯᠠᠪᠳᠠᠭᠤᠨ ᠢᠶᠠᠷ ᠣᠷᠣᠵᠤ᠂ ᠰᠤᠷᠤᠯᠴᠠᠬᠤ ᠮᠠᠶ᠋ᠢᠭ ᠤᠨ ᠨᠡᠶᠢᠭᠡᠮ ᠢ | ᠪᠦᠭᠦ ᠲᠠᠯ᠎ᠠ ᠪᠠᠷ ᠪᠦᠷᠢᠯᠳᠦᠭᠦᠯᠵᠦ᠂ ᠠᠷᠠᠳ ᠤᠯᠠᠨ ᠤ ᠰᠤᠷᠭᠠᠨ ᠬᠥᠮᠦᠵᠢᠯ ᠤᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ | ᠶᠡᠷᠦᠩᠬᠡᠢ ᠳᠡᠭᠡᠨ ᠪᠡᠶᠡᠯᠡᠭᠦᠯᠦᠨ᠎ᠡ᠃ | ︽ᠲᠠᠪᠤᠨ ᠴᠢᠬᠤᠯᠠ ᠶᠡᠭᠡ ᠬᠠᠷᠢᠴᠠᠭ᠎ᠠ︾ ᠶᠢ ᠵᠥᠪ ᠢᠶᠠᠷ ᠰᠢᠢᠳᠪᠦᠷᠢᠯᠡᠨ᠎ᠡ | ᠤᠯᠤᠰ ᠤᠨ ᠪᠠᠶᠢᠯᠳᠤᠬᠤ ᠪᠣᠳᠣᠯᠭ᠎ᠠ ᠳᠤ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ | ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ | ᠴᠢᠳᠠᠪᠤᠷᠢᠲᠠᠨ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ | ᠡᠮᠬᠢ ᠵᠢᠷᠤᠮ ᠲᠠᠢ ᠪᠠᠶᠢᠬᠤ ᠪᠠ ᠠᠮᠢᠳᠤᠯᠢᠭ ᠬᠦᠴᠦᠨ ᠢ ᠬᠥᠭᠵᠢᠭᠡᠬᠦ ᠶᠢᠨ ᠬᠠᠷᠢᠴᠠᠭ᠎ᠠ | ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠣᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠶᠢᠨ ᠬᠠᠷᠢᠴᠠᠭ᠎ᠠ | ︽ᠨᠠᠢᠮᠠᠨ ᠶᠡᠭᠡ ᠰᠢᠰᠲ᠋ᠧᠮ︾ ᠢ ᠪᠦᠭᠦ ᠲᠠᠯ᠎ᠠ ᠪᠠᠷ ᠪᠠᠶᠢᠭᠤᠯᠤᠨ᠎ᠠ | ᠦᠨᠳᠦᠰᠦ ᠶᠢ ᠪᠠᠬᠢᠵᠢᠭᠦᠯᠦᠨ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠥᠮᠦᠵᠢᠯ ᠤᠨ ᠰᠢᠰᠲ᠋ᠧᠮ | ᠲᠥᠪ ᠭᠤᠤᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ | ᠥᠪᠡᠷ ᠢ ᠪᠠᠨ ᠬᠦᠴᠦᠷᠬᠡᠭᠵᠢᠭᠦᠯᠬᠦ ᠭᠠᠷᠮᠠᠭᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ | ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ | ᠲᠦᠭᠡᠮᠡᠯ ᠬᠦᠷᠲᠡᠭᠡᠬᠦ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮ | ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠰᠢᠰᠲ᠋ᠧᠮ | ᠬᠡᠪ ᠴᠢᠨᠠᠷ ᠰᠢᠯᠢᠳᠡᠭ ᠰᠠᠶᠢᠨ ᠪᠠᠭᠰᠢ ᠶᠢᠨ ᠡᠩᠨᠡᠭᠡᠨ ᠤ ᠰᠢᠰᠲ᠋ᠧᠮ | ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭᠠᠬᠤ ᠤᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ | ᠶᠢᠰᠦᠨ ᠲᠠᠯ᠎ᠠ ᠶᠢᠨ ᠡᠭᠦᠷᠭᠡ ᠠᠷᠭ᠎ᠠ ᠬᠡᠮᠵᠢᠶ᠎ᠡ | ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ | ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠬᠥᠮᠥᠵᠢᠭᠦᠯᠦᠨ᠎ᠡ | ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠨ ᠰᠠᠶᠢᠵᠢᠷᠠᠭᠤᠯᠤᠨ᠎ᠠ | ᠨᠠᠮ ᠤᠨ ᠰᠢᠨ᠎ᠡ ᠶᠢ ᠡᠭᠦᠳᠬᠦ ᠤᠨᠤᠯ ᠤᠨ ᠰᠢᠰᠲ᠋ᠧᠮᠵᠢᠬᠦ ᠰᠤᠳᠤᠯᠭᠠᠨ ᠤ ᠲᠠᠶᠢᠯᠪᠤᠷᠢᠯᠠᠯ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ | ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠰᠠᠭᠤᠷᠢᠨ ᠢ ᠥᠷᠭᠡᠳᠬᠡᠨ᠎ᠡ | ᠰᠤᠷᠤᠬᠴᠢᠳ ᠤᠨ ᠡᠷᠡᠭᠦᠯ ᠴᠢᠭᠢᠷᠠᠭ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ | ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ᠂ ᠤᠶᠤᠨ ᠢ ᠰᠡᠩᠬᠡᠷᠡᠭᠦᠯᠵᠦ ᠤᠬᠠᠭᠠᠨ ᠢ ᠨᠡᠮᠡᠭᠳᠡᠭᠦᠯᠬᠦ ᠥᠨᠳᠥᠷ ᠴᠢᠨᠠᠷ ᠴᠢᠨᠰᠠᠭ᠎ᠠ ᠲᠠᠢ | ᠵᠢᠭᠠᠬᠤ ᠮᠠᠲ᠋ᠧᠷᠢᠶᠠᠯ ᠢ ᠨᠠᠶᠢᠷᠠᠭᠤᠯᠤᠨ᠎ᠠ | ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠯᠭᠡᠷᠡᠭᠦᠯᠦᠨ᠎ᠡ | ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠷᠠᠳ ᠢᠷᠭᠡᠳ ᠤᠨ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ | ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠬᠢᠵᠢᠭᠦᠯᠦᠨ᠎ᠡ | ᠬᠥᠮᠥᠨ ᠠᠮᠠ ᠶᠢᠨ ᠬᠤᠪᠢᠷᠠᠯᠲᠠ ᠲᠠᠢ ᠵᠣᠬᠢᠴᠠᠭᠰᠠᠨ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠪᠠ ᠬᠤᠳᠠ ᠬᠥᠳᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠤᠨ᠎ᠠ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠦᠵᠡᠭᠦᠯᠭᠦ ᠪᠠ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠤᠯᠠᠨ ᠡᠰᠢᠴᠢᠯᠡᠭᠰᠡᠨ ᠬᠥᠭᠵᠢᠯᠲᠡ ᠶᠢ ᠠᠬᠢᠭᠤᠯᠤᠨ᠎ᠠ | ︽ᠬᠤᠶᠠᠷ ᠢ ᠬᠥᠩᠭᠡᠷᠡᠭᠦᠯᠬᠦ︾ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠨᠢᠭᠡᠳᠦᠯᠲᠡᠢ ᠲᠥᠯᠥᠪᠯᠡᠨ | ᠠᠬᠢᠭᠤᠯᠤᠨ᠎ᠠ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠥᠲᠥᠯᠥᠨ | ᠳᠠᠭᠠᠭᠤᠯᠬᠤ ᠬᠦᠴᠦᠨ ᠢ ᠪᠠᠶᠢᠭᠤᠯᠤᠨ᠎ᠠ | ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠦᠷᠦᠯ ᠬᠤᠪᠢᠶᠠᠨ ᠠᠬᠢᠭᠤᠯᠤᠨ᠎ᠠ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ | ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢ ᠲᠦᠷᠭᠡᠳᠬᠡᠨ ᠪᠠᠶᠢᠭᠤᠯᠤᠨ᠎ᠠ | ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ | ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠤᠨ᠎ᠠ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠲᠤᠯᠭᠠᠭᠤᠷᠢᠯᠠᠨ᠎ᠠ | ᠰᠠᠭᠤᠷᠢ ᠰᠢᠨᠵᠢᠯᠡᠭᠡᠨ ᠤ ᠰᠠᠯᠠᠭ᠎ᠠ ᠪᠠ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠰᠢᠪᠲᠤᠯᠤᠯᠲᠠ ᠶᠢᠨ ᠲᠥᠯᠦᠪᠵᠢᠭᠦᠯᠭᠡ ᠶᠢ ᠬᠡᠷᠡᠭᠵᠢᠭᠦᠯᠦᠨ᠎ᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠦᠰᠦᠨ ᠪᠣᠶᠢᠵᠢᠵᠤ ᠬᠥᠭᠵᠢᠬᠦ ᠶᠢ ᠠᠬᠢᠭᠤᠯᠤᠨ᠎ᠠ | ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ | ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠵᠠᠮ ᠢ ᠡᠭᠦᠳᠦᠨ᠎ᠡ | ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠤᠷᠠᠨ ᠲᠠᠷᠬᠠᠨ᠂ ᠤᠷ᠎ᠠ | ᠮᠡᠷᠭᠡᠵᠢᠯᠲᠦ ᠳᠠᠷᠬᠠᠨ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠦᠨ᠎ᠡ | ᠣᠯᠠᠨ ᠡᠰᠢᠲᠦ ᠰᠤᠷᠭᠠᠭᠤᠯᠢ ᠡᠷᠭᠢᠯᠡᠭᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠢᠨ᠎ᠡ ᠭᠡᠯᠪᠡᠷᠢ ᠪᠠᠶᠢᠳᠠᠯ ᠢ ᠪᠤᠶ ᠪᠣᠯᠭᠠᠨ᠎ᠠ | ᠠᠵᠢᠯ ᠮᠡᠷᠭᠡᠵᠢᠯ ᠪᠠ ᠡᠩ ᠤᠨ ᠥᠨᠳᠥᠷ ᠳᠤᠮᠳᠠᠳᠤ ᠶᠢ ᠠᠭᠤᠰᠤᠯᠴᠠᠭᠤᠯᠤᠨ ᠨᠠᠪᠲᠠᠷᠡᠭᠦᠯᠵᠦ ᠰᠤᠷᠤᠬᠴᠢᠳ ᠤᠨ ᠦᠰᠦᠨ ᠪᠣᠶᠢᠵᠢᠵᠤ ᠴᠢᠳᠠᠪᠤᠷᠢᠲᠠᠨ | ᠪᠤᠯᠬᠤ ᠵᠠᠮ ᠢ ᠥᠷᠭᠡᠳᠬᠡᠨ᠎ᠡ | ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠩᠭᠢᠯᠠᠭ᠎ᠠ ᠶᠢᠨ ᠰᠤᠷᠭᠠᠭᠤᠯᠢ ᠡᠷᠭᠢᠯᠡᠭᠦ ᠴᠢᠳᠠᠪᠤᠷᠢ ᠶᠢ ᠳᠡᠭᠡᠭᠰᠢᠯᠡᠭᠦᠯᠦᠨ᠎ᠡ | ᠤᠷ᠎ᠠ ᠴᠢᠳᠠᠪᠤᠷᠢᠲᠠᠨ ᠤ ᠦᠰᠦᠨ ᠪᠣᠶᠢᠵᠢᠬᠤ ᠲᠥᠷᠥ ᠶᠢᠨ ᠪᠣᠳᠣᠯᠭ᠎ᠠ ᠶᠢᠨ ᠣᠷᠴᠢᠨ ᠢ ᠰᠢᠯᠢᠳᠡᠭᠵᠢᠭᠦᠯᠦᠨ᠎ᠡ | ᠰᠤᠷᠤᠯᠴᠠᠬᠤ ᠭᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ | ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ | ᠨᠠᠰᠤᠨ ᠲᠤᠷᠰᠢᠲᠠ ᠰᠤᠷᠤᠯᠴᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ | ᠵᠣᠬᠢᠶᠠᠮᠠᠯ ᠣᠶᠤᠨᠴᠢ ᠴᠢᠳᠠᠪᠤᠷᠢ ᠶᠢᠨ ᠰᠤᠷᠭᠠᠨ ᠬᠥᠮᠦᠵᠢᠯ ᠤᠨ ᠬᠤᠪᠢᠰᠤᠯᠲᠠ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠰᠠᠭᠤᠷᠢ ᠶᠢ ᠪᠠᠲᠤᠳᠬᠠᠨ᠎ᠠ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ | ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ | ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ | ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠦᠨ᠎ᠡ | ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠬᠥᠭᠵᠢᠭᠡᠨ᠎ᠡ | ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠴᠢᠳᠠᠪᠤᠷᠢᠲᠠᠨ ᠢ ᠬᠥᠮᠥᠵᠢᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠲᠣᠭᠲᠠᠴᠠ ᠶᠢ ᠲᠡᠭᠦᠯᠳᠡᠷᠵᠢᠭᠦᠯᠦᠨ᠎ᠡ | ᠰᠤᠷᠭᠠᠨ ᠬᠥᠮᠦᠵᠢᠯ ᠤᠨ ᠬᠠᠤᠯᠢ ᠪᠠᠷ ᠵᠠᠰᠠᠬᠤ ᠪᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ | ᠰᠤᠷᠭᠠᠨ ᠬᠥᠮᠦᠵᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠤᠷᠤᠭᠤᠯᠤᠯᠳᠠ ᠶᠢᠨ ᠲᠣᠭᠲᠠᠴᠠ ᠶᠢ ᠪᠦᠷᠢᠨᠰᠢᠭᠦᠯᠦᠨ᠎ᠡ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠯᠡᠨ ᠠᠬᠢᠭᠤᠯᠬᠤ ᠲᠣᠭᠲᠠᠴᠠ ᠶᠢ ᠪᠠᠶᠢᠭᠤᠯᠤᠨ᠎ᠠ | ᠰᠤᠷᠭᠠᠨ ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠤᠨ | ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ | ᠪᠦᠭᠦ ᠪᠥᠮᠪᠥᠷᠴᠡᠭ ᠤᠨ ᠴᠢᠳᠠᠪᠤᠷᠢᠲᠠᠨ ᠢ ᠬᠥᠮᠥᠵᠢᠭᠦᠯᠬᠦ ᠪᠠ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ | ᠣᠯᠠᠨ ᠤᠯᠤᠰ ᠤᠨ ᠡᠷᠳᠡᠮ ᠰᠢᠨᠵᠢᠯᠡᠭᠡᠨ ᠤ ᠰᠣᠯᠢᠯᠴᠠᠭ᠎ᠠ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ | ᠥᠷᠭᠡᠳᠬᠡᠨ᠎ᠡ | ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠨ᠎ᠠ | | |