2 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠠᠮᠵᠢᠯᠲᠠ ᠲᠠᠢ ᠵᠦᠪᠯᠡᠯᠳᠦᠵᠦ᠂ | ᠢᠯᠠᠯᠲᠠ ᠲᠠᠢ ᠪᠠᠷ ᠲᠡᠭᠦᠰᠪᠡ᠃ | | | | ᠬᠤᠷᠠᠯ ᠲᠡᠭᠦᠰᠬᠦ ᠠᠴᠠ ᠡᠮᠦᠨ᠎ᠡ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠬᠤᠶᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ᠰᠣᠩᠭᠤᠭᠤᠯᠢ ᠶᠢᠨ ᠠᠷᠭ᠎ᠠ᠂ | ᠠᠷᠠᠳ ᠤᠨ ᠠᠮᠢᠵᠢᠷᠠᠭ᠎ᠠ ᠶᠢᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠰᠣᠩᠭᠤᠭᠤᠯᠢ ᠶᠢᠨ ᠰᠠᠨᠠᠯ ᠤᠨ ᠠᠷᠭ᠎ᠠ᠂ ᠶᠡᠷᠦᠩᠬᠡᠢ ᠪᠢᠯᠧᠲ ᠬᠢᠨᠠᠭᠴᠢ᠂ ᠪᠢᠯᠧᠲ | ᠬᠢᠨᠠᠭᠴᠢ ᠶᠢᠨ ᠨᠡᠷᠡᠰ ᠢ ᠰᠠᠨᠠᠯ ᠬᠤᠷᠢᠶᠠᠵᠤ ᠪᠠᠲᠤᠯᠠᠬᠤ ᠶᠢᠨ ᠬᠠᠮᠲᠤ ᠰᠣᠩᠭᠤᠭᠤᠯᠢ ᠶᠠᠪᠤᠭᠤᠯᠵᠤ᠂ 2024 ᠣᠨ ᠤ ᠥᠪᠡᠷᠲᠡᠭᠡᠨ ᠵᠠᠰᠠᠬᠤ ᠬᠤᠰᠢᠭᠤᠨ ᠤ | ᠠᠷᠠᠳ ᠤᠨ ᠠᠮᠢᠵᠢᠷᠠᠭ᠎ᠠ ᠶᠢᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ᠂ ᠡᠧᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2025 ᠣᠨ ᠤ ᠠᠷᠠᠳ ᠤᠨ ᠠᠮᠢᠵᠢᠷᠠᠭ᠎ᠠ ᠶᠢᠨ ᠪᠣᠳᠠᠲᠤ ᠶᠠᠪᠤᠳᠠᠯ ᠤᠨ ᠲᠦᠷᠦᠯ ᠵᠦᠢᠯ ᠢ | ᠰᠣᠩᠭᠤᠭᠤᠯᠢ ᠪᠠᠷ ᠰᠠᠨᠠᠯ ᠬᠤᠷᠢᠶᠠᠵᠤ ᠲᠣᠭᠲᠠᠭᠠᠪᠠ᠃ | ᠶᠡᠭᠡ ᠬᠤᠷᠠᠯ ᠠᠴᠠ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2 ᠭᠡᠰᠢᠭᠦᠨ ᠢ ᠨᠥᠬᠦᠨ ᠰᠣᠩᠭᠤᠪᠠ᠃ | ᠶᠡᠭᠡ ᠬᠤᠷᠠᠯ ᠠᠴᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠰᠢᠨ᠎ᠡ ᠪᠠᠷ ᠰᠣᠩᠭᠤᠭᠳᠠᠭᠰᠠᠨ ᠬᠥᠮᠥᠰ ᠦᠨᠳᠦᠰᠦᠨ ᠬᠠᠤᠯᠢ ᠳᠤ | ᠲᠥᠪ ᠴᠢᠩᠭ᠎ᠠ ᠪᠠᠷ ᠲᠠᠩᠭᠠᠷᠢᠭᠯᠠᠪᠠ᠃ | ᠲᠡᠭᠦᠰᠬᠦ ᠬᠤᠷᠠᠯ ᠳᠡᠭᠡᠷ᠎ᠡ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠬᠦ ᠲᠡᠷᠢᠭᠦᠯᠡᠭᠴᠢ ᠰᠣᠶᠣᠯᠮ᠎ᠠ | ᠂ ᠹᠧᠩ ᠰᠢ ᠮᠢᠩ᠂ ᠮᠧᠩ ᠯᠢ ᠯᠢ᠂ ᠬᠤᠷᠴᠠ᠂ ᠳ᠋ᠦ᠋ ᠰᠢᠶᠣᠣ ᠯᠢ᠂ ᠸᠧ ᠵᠥᠩ᠂ ᠪᠤᠶᠠᠨᠲᠤ᠂ ᠶᠢᠨ ᡁᠢ ᠭᠠᠩ᠂ ᠣᠶᠤᠨᠳᠠᠰᠢ ᠲᠡᠷᠢᠭᠦᠯᠡᠭᠴᠢ ᠶᠢᠨ ᠲᠠᠶᠢᠰᠠᠨ ᠤ | ᠡᠮᠦᠨ᠎ᠡ ᠮᠥᠷ ᠲᠤ ᠰᠠᠭᠠᠲᠠᠪᠠ᠃ | ᠸᠠᠩ ᠵᠢᠶᠦ᠋ᠨ᠂ ᠤᠤ ᠬᠤᠶ ᠷᠠᠨ᠂ ᠬᠤᠲᠠᠯᠠ᠂ ᠢᠦᠢ ᠵᠢᠶᠠᠨ᠂ ᠬᠠᠨ ᡁᠢ ᠪᠢᠨ᠂ ᠶᠠᠩ ᠯᠧᠢ᠂ ᠰᠢᠣᠸᠠᠢ ᠫᠢᠩ᠂ ᠲᠠᠩ ᠯᠢᠨ᠂ ᠯᠥᠸᠧ ᡁᠢ ᠭᠠᠩ᠂ ᠯᠢ | ᠶᠠᠨ ᠯᠠᠢ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | | | | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠬᠤ ᠶᠣᠰᠣᠲᠠᠢ ᠲᠥᠯᠥᠭᠡᠯᠡᠭᠴᠢ 167 ᠬᠥᠮᠥᠨ᠂ ᠲᠣᠰ ᠤᠳᠠᠭᠠᠨ ᠤ ᠪᠥᠬᠦᠳᠡ ᠬᠤᠷᠠᠯᠳᠤᠭᠠᠨ ᠳᠤ | ᠪᠤᠲᠠᠲᠠᠢ ᠣᠷᠣᠯᠴᠠᠭᠰᠠᠨ ᠲᠥᠯᠥᠭᠡᠯᠡᠭᠴᠢ 147 ᠬᠥᠮᠥᠨ ᠪᠠᠶᠢᠵᠤ᠂ ᠬᠠᠤᠯᠢ ᠪᠠᠷ ᠪᠠᠲᠤᠯᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠰᠣᠶᠣᠯᠮ᠎ᠠ ᠬᠤᠷᠠᠯ ᠢ ᠡᠷᠬᠢᠯᠡᠪᠡ᠃ | ᠬᠤᠷᠠᠯ ᠠᠴᠠ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ | ᠰᠢᠢᠳᠪᠦᠷᠢ︾ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠲᠤᠬᠠᠢ ᠰᠢᠢᠳᠪᠦᠷᠢ︾ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ 2024 ᠣᠨ ᠤ ᠲᠥᠰᠥᠪ ᠢ ᠭᠦᠢᠴᠡᠳᠬᠡᠭᠰᠡᠨ | ᠪᠠᠶᠢᠳᠠᠯ ᠪᠠ 2025 ᠣᠨ ᠤ ᠲᠥᠰᠥᠪ ᠤᠨ ᠲᠤᠬᠠᠢ ᠰᠢᠢᠳᠪᠦᠷᠢ︾ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ︾ ︽ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠥᠪᠡᠷᠲᠡᠭᠡᠨ ᠵᠠᠰᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ ᠤᠨ ᠪᠠᠲᠤᠯᠠᠬᠤ ᠨᠣᠣᠷᠠᠭ︶︾ ᠬᠢᠨᠠᠨ ᠵᠥᠪᠯᠡᠭᠰᠡᠨ | ᠪᠥᠭᠡᠳ ᠰᠠᠨᠠᠯ ᠬᠤᠷᠢᠶᠠᠵᠤ ᠪᠠᠲᠤᠯᠠᠪᠠ᠃ | | | | ᠰᠣᠶᠣᠯᠮ᠎ᠠ ᠲᠡᠭᠦᠰᠬᠦ ᠬᠤᠷᠠᠯ ᠳᠤ ᠬᠡᠯᠡᠬᠦ ᠳᠡᠭᠡᠨ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠪᠣᠯ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠲᠥᠯᠥᠭᠡᠯᠡᠭᠴᠢᠳ ᠪᠣᠯᠣᠨ ᠬᠤᠷᠠᠯ ᠳᠤ ᠣᠷᠣᠯᠴᠠᠭᠰᠠᠨ ᠨᠥᠬᠦᠳ ᠤᠨ ᠬᠠᠮᠲᠤ ᠶᠢᠨ ᠴᠢᠷᠮᠠᠶᠢᠯᠭ᠎ᠠ ᠪᠠᠷ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠵᠦ᠂ ᠢᠯᠠᠯᠲᠠ ᠲᠠᠢ ᠪᠠᠷ ᠲᠡᠭᠦᠰᠬᠦ ᠪᠣᠯᠣᠨ᠎ᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠬᠡᠬᠦᠳᠡᠭ ᠳᠦᠭᠦᠷᠡᠩ ᠤᠯᠤᠰ | ᠲᠦᠷᠦ ᠶᠢᠨ ᠬᠠᠯᠠᠭᠤᠨ ᠰᠡᠳᠬᠢᠯᠭᠡ ᠪᠠ ᠡᠷᠡᠰ ᠴᠢᠩᠭ᠎ᠠ ᠡᠭᠦᠷᠭᠡ ᠬᠠᠷᠢᠭᠤᠴᠠᠯᠭᠠᠳᠣ ᠣᠬᠠᠮᠰᠠᠷ ᠢᠶᠠᠷ ᠵᠠᠰᠠᠭ ᠤᠨ ᠬᠠᠤᠯᠢ ᠳᠤ ᠲᠣᠭᠲᠠᠭᠠᠭᠰᠠᠨ ᠬᠠᠷᠢᠭᠤᠴᠠᠯᠭ᠎ᠠ ᠪᠠᠨ | ᠭᠦᠢᠴᠡᠳᠬᠡᠵᠦ᠂ ᠪᠦᠬᠦ ᠲᠠᠯ᠎ᠠ ᠶᠢᠨ ᠶᠠᠪᠤᠳᠠᠯ ᠢ ᠵᠥᠪᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠵᠦᠪᠳᠡᠨ᠂ ᠴᠤᠭ ᠵᠢᠪᠬᠤᠭᠠᠯᠢᠭ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠨ ᠢᠯᠡᠷᠡᠭᠦᠯᠪᠡ᠂ ᠡᠨᠡ ᠪᠣᠯ ᠨᠢᠭᠡ ᠤᠳᠠᠭ᠎ᠠ ᠶᠢᠨ ᠠᠷᠠᠳᠴᠢᠯᠠᠯ ᠪᠦᠯᠬᠦᠮᠳᠡᠯ ᠲᠠᠢ᠂ ᠪᠣᠳᠠᠲᠠᠢ ᠶᠢ ᠡᠷᠬᠢᠮᠯᠡᠨ ᠡᠷᠡᠯᠬᠡᠭᠯᠡᠨ ᠣᠷᠣᠭᠰᠢᠯᠠᠬᠤ᠂ | ᠰᠤᠷᠲᠠᠯ ᠴᠢᠬᠡᠴᠢ ᠣᠪᠣᠷ ᠲᠥᠪ ᠶᠡᠭᠡ ᠬᠤᠷᠠᠯ ᠪᠣᠯᠣᠨ᠎ᠠ᠃ | ᠰᠣᠶᠣᠯᠮ᠎ᠠ᠂ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ | ᠤᠶᠤᠨ ᠤᠬᠠᠭᠠᠨ ᠪᠠ ᠬᠦᠴᠦᠨ ᠴᠢᠳᠠᠯ ᠢᠶᠠᠨ ᠲᠤᠰ ᠤᠳᠠᠭ᠎ᠠ ᠶᠢᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠰᠢᠨ᠎ᠡ | ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠰᠢᠨ᠎ᠡ ᠠᠶᠠᠨ ᠢᠶᠠᠨ ᠡᠬᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠭᠡ ᠲᠠᠯ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠪᠠᠶᠢᠭᠤᠯᠤᠯᠭ᠎ᠠ ᠪᠣᠯ ᠤᠯᠤᠰ ᠲᠦᠷᠦ ᠶᠢᠨ ᠪᠠᠶᠢᠭᠤᠯᠤᠯᠭ᠎ᠠ ᠶᠢᠨ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠪᠣᠯᠬᠤ ᠶᠢ ᠰᠡᠷᠭᠡᠭ ᠢᠶᠠᠷ ᠲᠠᠨᠢᠵᠤ᠂ | ᠢᠲᠡᠭᠡᠯ ᠦᠨᠠᠮᠰᠢᠯ ᠢᠶᠠᠨ ᠪᠠᠲᠤ ᠰᠠᠬᠢᠵᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ | ︽ᠬᠤᠶᠠᠷ ᠢ ᠲᠣᠭᠲᠠᠭᠠᠬᠤ︾ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠲᠠᠯ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ | ᠳᠠᠭᠤᠷᠢᠶᠠᠯ ᠪᠣᠯᠬᠤ ᠬᠡᠷᠡᠭᠲᠡᠢ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ ᠪᠠᠨ ᠲᠣᠭᠲᠠᠭᠠᠵᠤ᠂ ᠭᠠᠷᠳᠠᠬᠤ ᠴᠡᠭ ᠢᠶᠠᠨ ᠣᠨᠣᠪᠴᠢᠲᠠᠢ ᠡᠷᠢᠨ ᠣᠯᠵᠣ᠂ ᠬᠦᠴᠦᠯᠡᠬᠦ ᠴᠡᠭ ᠢᠶᠠᠨ ᠰᠠᠶᠢᠲᠤᠷ | ᠠᠳᠬᠤᠵᠤ᠂ ᠰᠢᠪᠲᠤᠯᠤᠯᠲᠠ ᠶᠢᠨ ᠴᠡᠭ ᠢ ᠡᠷᠢᠯᠬᠢᠯᠡᠵᠦ᠂ ᠪᠦᠬᠦ ᠲᠠᠯ᠎ᠠ ᠶᠢ ᠪᠣᠳᠣᠯᠬᠢᠯᠠᠨ᠂ ᠭᠤᠣᠯᠳᠠᠯᠭ᠎ᠠ ᠶᠢ ᠰᠦᠪᠡᠭᠴᠢᠯᠡᠵᠦ᠂ ᠪᠣᠳᠠᠲᠤ ᠪᠠᠶᠢᠳᠠᠯ ᠢ ᠣᠶᠢᠯᠠᠭᠠᠵᠤ᠂ | ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠬᠢᠨᠠᠯᠲᠠ ᠪᠠᠨ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠥᠨᠳᠥᠷ ᠲᠦᠪᠰᠢᠨ ᠤ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠠᠤᠯᠢ ᠪᠠᠷ ᠵᠠᠰᠠᠬᠤ | ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠢ ᠶᠢᠨ ᠫᠢᠩ | ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ | ᠪᠠᠷ ᠰᠢᠰᠲ᠋ᠧᠮ ᠲᠠᠢ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠦᠷᠢᠮ ᠲᠣᠭᠲᠠᠭᠠᠯ ᠢ ᠰᠠᠶᠢᠲᠣᠷ ᠣᠶᠢᠯᠠᠭᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠣᠨᠴᠠᠯᠢᠭ ᠰᠢᠨᠵᠢ ᠴᠢᠨᠠᠷ ᠢ ᠡᠵᠡᠮᠰᠢᠵᠦ᠂ ᠬᠠᠤᠯᠢ ᠶᠢ ᠰᠤᠷᠤᠯᠴᠠᠬᠤ ᠶᠢ ᠪᠡᠶ᠎ᠡ ᠪᠠᠷ ᠢᠶᠠᠨ | ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠢᠲᠠᠢ ᠪᠠᠷ ᠬᠠᠤᠯᠢ ᠲᠣᠭᠲᠠᠭᠠᠵᠤ᠂ ᠵᠢᠱᠢᠶᠡᠴᠢ ᠪᠠᠷ ᠬᠠᠤᠯᠢ ᠶᠢ ᠰᠠᠬᠢᠵᠤ ᠬᠠᠤᠯᠢ ᠶᠢ ᠬᠡᠷᠡᠭᠯᠡᠵᠦ᠂ | ᠤᠬᠠᠮᠰᠠᠷ ᠠᠴᠠ ᠪᠠᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠡᠷᠬᠡ ᠪᠠᠨ | ᠬᠡᠷᠡᠭᠵᠢᠭᠦᠯᠵᠦ᠂ ᠬᠠᠤᠯᠢ ᠪᠠᠷ ᠵᠠᠰᠠᠬᠤ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠢᠨᠠᠨ | ᠪᠠᠶᠢᠴᠠᠭᠠᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠶᠡᠭᠡ ᠪᠠᠷ ᠠᠬᠢᠭᠤᠯᠵᠤ᠂ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ | ᠲᠦᠯᠬᠢᠨ ᠠᠬᠢᠭᠤᠯᠤᠨ᠎ᠠ᠃ ᠤᠯᠠᠨ ᠲᠦᠮᠡᠨ ᠤ ᠤᠬᠠᠮᠰᠠᠷ ᠢ ᠴᠢᠩᠭᠠᠳᠬᠠᠵᠤ᠂ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠠᠷᠠᠳ | ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠦᠷᠭᠦᠯᠵᠢ ᠰᠣᠩᠭᠤᠭᠤᠯᠢ ᠶᠢᠨ ᠠᠷᠠᠳ ᠢ ᠰᠤᠷᠪᠤᠯᠵᠢᠯᠠᠵᠤ᠂ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ | ᠤᠯᠠᠨ ᠲᠦᠮᠡᠨ ᠤ ᠲᠥᠯᠥᠭᠡ ︽ᠰᠡᠳᠬᠢᠯ ᠢᠶᠠᠨ ᠴᠢᠯᠡᠵᠦ︾᠂ ᠤᠯᠠᠨ ᠲᠦᠮᠡᠨ ᠤ ︽ᠰᠡᠳᠬᠢᠯ ᠢ ᠳᠤᠯᠠᠭᠠᠴᠠᠭᠤᠯᠵᠤ︾᠂ ᠤᠯᠠᠨ ᠲᠦᠮᠡᠨ ᠲᠠᠢ ︽ᠰᠡᠳᠬᠢᠯ ᠢᠶᠠᠨ | ᠮᠡᠳᠡᠯᠴᠡᠵᠦ︾᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠲᠡᠷᠡ ᠳᠠᠷᠣᠢ ᠬᠠᠷᠢᠭᠤ ᠳᠣᠰᠬᠠᠯ ᠥᠭᠬᠦ ᠶᠢ ᠦᠨᠡᠨᠬᠦ ᠪᠡᠶᠡᠯᠡᠭᠦᠯᠵᠦ᠂ ᠲᠥᠯᠥᠭᠡᠯᠡᠭᠴᠢᠳ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠲᠠᠪᠴᠠᠩ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ ᠪᠦᠯᠢ ︵ᠦᠷᠳᠡᠭᠡ︶ ᠶᠢᠨ ᠵᠢᠷᠤᠮᠵᠢᠭᠰᠠᠨ ᠠᠵᠢᠯᠯᠠᠭᠠᠨ ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠨ ᠪᠠᠲᠤᠯᠠᠵᠤ᠂ ᠲᠥᠯᠥᠭᠡᠯᠡᠭᠴᠢᠳ ᠤᠨ ᠵᠥᠪᠯᠡᠯᠭᠡ ᠪᠠ | ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠢᠪᠠᠳᠠᠨ ᠰᠠᠶᠢᠲᠤᠷ ᠬᠢᠯᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠯᠢᠭᠡᠷ ᠢ ᠰᠠᠶᠢᠲᠤᠷ ᠦᠭᠦᠯᠡᠵᠦ᠂ ᠰᠢᠨ᠎ᠡ ᠳᠦᠷᠢ ᠲᠥᠷᠬᠦ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠴᠤᠭ ᠵᠢᠪᠬᠤᠭ᠎ᠠ ᠶᠢ | ᠨᠡᠩ ᠰᠠᠶᠢᠲᠤᠷ ᠢᠯᠡᠷᠡᠭᠦᠯᠦᠨ᠎ᠡ᠃ | ᠰᠣᠶᠣᠯᠮ᠎ᠠ᠂ ᠰᠢᠨ᠎ᠡ ᠠᠶᠠᠯᠠᠯ ᠳᠤ ᠰᠢᠨ᠎ᠡ ᠡᠭᠦᠷᠭᠡ ᠡᠭᠦᠷᠭᠡᠯᠡᠵᠦ᠂ ᠰᠢᠨ᠎ᠡ ᠬᠠᠷᠠᠯᠲᠠ ᠳᠤ ᠰᠢᠨ᠎ᠡ ᠡᠭᠦᠷᠭᠡ ᠳᠠᠭᠠᠭᠠᠯᠭᠠᠨ᠎ᠠ᠃ ᠪᠢᠳᠡ ᠲᠣᠰ ᠤᠳᠠᠭᠠᠨ ᠤ ᠶᠡᠭᠡ | ᠬᠤᠷᠠᠯ ᠤᠨ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ | ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠨᠠᠶᠢᠳᠠᠪᠤᠷᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠣᠷᠲᠣ ᠤᠳᠠᠭᠠᠨ ᠤ ᠴᠢᠷᠮᠠᠶᠢᠯᠭ᠎ᠠ ᠪᠠᠷ ᠴᠢᠳᠠᠮᠠᠭᠠᠢ ᠠᠵᠢᠯᠯᠠᠵᠤ ᠭᠠᠷᠮᠠᠭᠠᠢ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠡᠸᠡᠩᠬᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ︕ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠢᠯᠠᠯᠲᠠ ᠲᠠᠢ ᠪᠠᠷ ᠲᠡᠭᠦᠰᠪᠡ᠃ |