2 ᠳ᠋ᠤᠭᠠᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ︽︿ᠬᠤᠶᠠᠷ ᠰᠢᠨ᠎ᠡ﹀ ᠲᠥᠷᠥᠯ ᠵᠦᠢᠯ ᠢ ᠤᠬᠠᠭᠠᠯᠠᠨ ᠲᠥᠯᠥᠪᠯᠡᠬᠦ ᠵᠢᠴᠢ ︿ᠬᠦᠷᠭᠡᠬᠦ ᠰᠢᠢᠳᠪᠦᠷᠢᠯᠡᠬᠦ ᠰᠢᠯᠢᠳᠡᠭᠵᠢᠭᠦᠯᠬᠦ﹀ ᠪᠠᠷ ᠣᠴᠢᠵᠤ ᠦᠢᠯᠡᠴᠢᠯᠡᠨ ᠠᠵᠤ | ᠠᠬᠤᠶᠢᠯᠠᠯ ᠳᠤ ᠲᠤᠰᠠᠯᠠᠬᠤ ᠠᠵᠢᠯᠯᠠᠭᠠᠨ ᠥᠷᠨᠢᠭᠦᠯᠬᠦ ᠲᠤᠬᠠᠢ ᠮᠡᠳᠡᠭᠳᠡᠯ︾ ᠢ ᠪᠠᠭᠤᠯᠭᠠᠪᠠ᠃ ᠲᠣᠰ ᠤᠳᠠᠭᠠᠨ ᠤ ᠠᠵᠢᠯᠯᠠᠭᠠᠨ ᠢ ᠮᠡᠳᠡᠭᠳᠡᠯ ᠢ ᠳᠠᠷᠤᠮᠠᠯᠯᠠᠨ | ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ 3 ᠳ᠋ᠤᠭᠠᠷ ᠰᠠᠷ᠎ᠠ ᠶᠢᠨ ᠰᠡᠭᠦᠯᠴᠢ ᠳᠤ ᠳᠠᠭᠤᠰᠬᠤ ᠪᠣᠯᠣᠨ᠎ᠠ᠃ | ︽ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ ᠪᠠ ᠠᠵᠤ ᠠᠬᠤᠶᠢᠯᠠᠯ ᠳᠤ ᠲᠤᠰᠠᠯᠠᠬᠤ | ᠠᠵᠢᠯᠯᠠᠭᠠᠨ ᠢ ᠨᠠᠶᠢᠳᠠᠪᠤᠷᠢᠵᠢᠭᠤᠯᠵᠤ᠂ ᠬᠦᠴᠦ ᠪᠠᠨ ᠨᠡᠮᠡᠭᠳᠡᠭᠦᠯᠦᠨ ᠬᠡᠪᠴᠢᠶ᠎ᠡ ᠪᠠᠨ ᠥᠷᠭᠡᠳᠬᠡᠵᠦ ᠪᠠᠶᠢᠭᠠᠳ ︿ᠬᠤᠶᠠᠷ ᠰᠢᠨ᠎ᠡ﹀ ︵ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ︶ ᠶᠢᠨ ᠲᠤᠬᠠᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠤᠳ ᠢ ᠦᠨᠡᠨ ᠬᠦ ᠰᠢᠢᠳᠪᠦᠷᠢᠯᠡᠵᠦ᠂ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ︿ᠡᠴᠦᠰ ᠤᠨ ᠨᠢᠭᠡ ᠺᠢᠯᠣᠮᠧᠲᠷ﹀ ᠢ ᠰᠢᠯᠤᠭᠤᠳᠬᠠᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ | ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠬᠤ ᠶᠢ ᠪᠠᠲᠤᠯᠠᠬᠤ ᠶᠢᠨ ᠲᠥᠯᠥᠭᠡ᠂ ᠪᠢᠳᠡ ︿ᠬᠤᠶᠠᠷ ᠰᠢᠨ᠎ᠡ﹀ ᠲᠦᠷᠦᠯ ᠵᠦᠢᠯ ᠢ ᠤᠬᠠᠭᠠᠯᠠᠨ ᠲᠥᠯᠥᠪᠯᠡᠬᠦ | ᠵᠢᠴᠢ ︿ᠬᠦᠷᠭᠡᠬᠦ ᠰᠢᠢᠳᠪᠦᠷᠢᠯᠡᠬᠦ ᠰᠢᠯᠢᠳᠡᠭᠵᠢᠭᠦᠯᠬᠦ﹀ ︵ᠲᠦᠷᠦ ᠶᠢᠨ ᠪᠣᠳᠣᠯᠭ᠎ᠠ ᠶᠢ ᠬᠦᠷᠭᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠢᠯᠡᠴᠢᠯᠡᠭᠡᠨ ᠤ ᠣᠷᠴᠢᠨ | ᠨᠥᠬᠦᠴᠡᠯ ᠢ ᠰᠢᠯᠢᠳᠡᠭᠵᠢᠭᠦᠯᠬᠦ︶ ᠪᠠᠷ ᠣᠴᠢᠵᠤ ᠦᠢᠯᠡᠴᠢᠯᠡᠨ ᠠᠵᠤ ᠠᠬᠤᠶᠢᠯᠠᠯ ᠳᠤ ᠲᠤᠰᠠᠯᠠᠬᠤ ᠠᠵᠢᠯᠯᠠᠭᠠᠨ ᠥᠷᠨᠢᠭᠦᠯᠬᠦ ᠪᠠᠷ ᠲᠣᠭᠲᠠᠪᠠ᠃ ᠡᠯ᠎ᠡ ᠠᠶᠢᠮᠠᠭ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠢᠰᠲ᠋ᠧᠮ ᠤᠨ ᠬᠢᠨ ᠤ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠳᠤ ᠬᠦᠷᠴᠦ᠂ | ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠪᠠ ᠦᠢᠯᠡᠴᠢᠯᠡᠭᠡ ᠬᠦᠷᠭᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠳ ᠢ ᠬᠠᠪᠰᠤᠷᠤᠨ ᠲᠥᠷᠥᠯ ᠵᠦᠢᠯ ᠢ | ᠲᠥᠯᠥᠪᠯᠡᠨ ᠵᠣᠬᠢᠶᠠᠵᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠲᠥᠷᠥᠯ ᠵᠦᠢᠯ ᠴᠢᠷᠮᠠᠶᠢᠨ ᠣᠯᠵᠤ ᠥᠭᠭᠦᠨ᠂ ᠡᠯ᠎ᠡ ᠭᠠᠵᠠᠷ ᠣᠷᠣᠨ ᠤ ︿ᠬᠤᠶᠠᠷ ᠰᠢᠨ᠎ᠡ﹀ | ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ︿ᠬᠤᠶᠠᠷ ᠢ ᠨᠢ ᠳᠡᠭᠡᠭᠰᠢᠯᠡᠭᠦᠯᠬᠦ﹀ ᠪᠠᠷ ᠴᠢᠷᠮᠠᠶᠢᠨ᠂ ᠪᠥᠬᠦ ᠣᠷᠣᠨ ᠤ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠠᠬᠢᠭᠤᠯᠤᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠬᠢ ᠪᠠᠶᠠᠯᠢᠭ ᠢ ᠠᠷᠪᠢᠯᠠᠬᠤ ᠬᠢᠭᠡᠳ ᠣᠷᠴᠢᠨ ᠲᠣᠭᠤᠷᠢᠨ ᠢ ᠬᠠᠮᠠᠭᠠᠯᠠᠬᠤ | ᠭᠠᠵᠠᠷ ᠤᠨ ᠭᠠᠵᠠᠷ ᠤᠨ ᠳᠠᠷᠤᠭ᠎ᠠ ᠸᠠᠩ ᠶᠧ ᠲᠠᠨᠢᠯᠴᠠᠭᠤᠯᠪᠠ᠃ | ᠲᠣᠰ ᠤᠳᠠᠭᠠᠨ ᠤ ᠠᠵᠢᠯᠯᠠᠭᠠᠨ ᠢᠶᠠᠷ ᠦᠢᠯᠡᠴᠢᠯᠡᠭᠦᠯᠬᠦ ᠡᠲᠡᠭᠡᠳ ᠲᠤ ᠣᠷᠣᠨ ᠤ ᠳᠣᠲᠣᠷ᠎ᠠ ᠪᠠᠶᠢᠭᠤᠯᠤᠭᠳᠠᠭᠰᠠᠨ᠂ ᠪᠠᠶᠢᠭᠤᠯᠤᠭᠳᠠᠵᠤ ᠪᠠᠶᠢᠭ᠎ᠠ᠂ | ᠪᠠᠶᠢᠭᠤᠯᠤᠭᠳᠠᠬᠤ ᠪᠠᠷ ᠪᠠᠶᠢᠭ᠎ᠠ ︽ᠬᠤᠶᠠᠷ ᠰᠢᠨ᠎ᠡ︾ ᠴᠢᠬᠤᠯᠠ ᠶᠡᠭᠡ ᠲᠥᠷᠥᠯ ᠵᠦᠢᠯ ᠵᠢᠴᠢ 2024 ᠣᠨ ᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ | ᠠᠰᠢᠭᠯᠠᠮᠵᠢ ᠶᠢ ᠨᠢ ᠬᠠᠷᠭᠤᠭᠤᠯᠤᠨ ᠪᠠᠶᠢᠴᠠᠭᠠᠭᠰᠠᠨ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠭᠤᠣᠯᠳᠠᠯᠭ᠎ᠠ ᠪᠣᠯᠬᠤ ᠠᠵᠤ ᠠᠬᠤᠶᠢᠯᠠᠯ ᠤᠳ ᠪᠠᠭᠲᠠᠨ᠎ᠠ᠃ | ᠡᠭᠦᠨ ᠤ ᠬᠠᠮᠲᠤ᠂ ᠮᠡᠷᠭᠡᠵᠢᠯ ᠤᠨ ᠰᠢᠨ᠎ᠡ ᠶᠢ ᠡᠭᠦᠳᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠵᠡᠷᠭᠡ | ᠲᠠᠯ᠎ᠠ ᠪᠠᠷ ᠪᠠᠴᠢᠮ ᠱᠠᠭᠠᠷᠳᠠᠭᠳᠠᠵᠤ ᠪᠠᠶᠢᠭ᠎ᠠ ᠠᠵᠤ ᠠᠬᠤᠶᠢᠯᠠᠯ ᠤᠳ ᠢ ᠲᠣᠰ ᠤᠳᠠᠭᠠᠨ ᠤ ᠠᠵᠢᠯᠯᠠᠭᠠᠨ ᠢᠶᠠᠷ ᠦᠢᠯᠡᠴᠢᠯᠡᠭᠦᠯᠬᠦ ᠭᠤᠣᠯᠳᠠᠯᠭ᠎ᠠ ᠪᠣᠯᠬᠤ ᠡᠲᠡᠭᠡᠳ ᠲᠤ | ᠵᠢᠭᠰᠠᠭᠠᠨ ᠣᠷᠣᠭᠤᠯᠵᠤ᠂ ᠦᠢᠯᠡᠴᠢᠯᠡᠭᠡ ᠪᠠ ᠬᠡᠷᠡᠭᠴᠡᠭᠡ ᠶᠢ ᠨᠢ ᠲᠤᠶᠢᠯ ᠤᠨ ᠣᠨᠣᠴᠠᠲᠠᠢ ᠪᠠᠷ ᠵᠣᠯᠭᠠᠭᠤᠯᠬᠤ᠂ ᠪᠦᠲᠦᠮᠵᠢᠲᠡᠶ ᠲᠣᠬᠢᠷᠠᠭᠤᠯᠬᠤ ᠶᠢ ᠦᠨᠡᠨ ᠬᠦ | ᠪᠠᠲᠤᠯᠠᠨ᠎ᠠ᠃ | ᠠᠵᠢᠯᠯᠠᠭᠠᠨ ᠳᠤ ᠭᠤᠷᠪᠠᠨ ᠲᠠᠯ᠎ᠠ ᠶᠢᠨ ᠠᠭᠤᠯᠭ᠎ᠠ ᠪᠠᠭᠲᠠᠨ᠎ᠠ᠃ ᠨᠢᠭᠡ ᠳᠤ ᠲᠥᠷᠥ ᠶᠢᠨ ᠪᠣᠳᠣᠯᠭ᠎ᠠ ᠶᠢ ᠬᠦᠷᠭᠡᠨ᠎ᠡ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ︽ᠬᠤᠶᠠᠷ ᠰᠢᠨ᠎ᠡ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠡᠮᠬᠢᠳᠬᠡᠯ ᠢ ᠪᠣᠶ ᠪᠣᠯᠭᠠᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠪᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠳ ᠢ ᠬᠠᠪᠰᠤᠷᠤᠨ ᠲᠥᠷᠥ ᠶᠢᠨ | ᠪᠣᠳᠣᠯᠭ᠎ᠠ ᠶᠢ ᠣᠶᠢᠯᠠᠭᠠᠭᠤᠯᠤᠨ᠂ ᠲᠥᠷᠥᠯ ᠵᠦᠢᠯ ᠢ ᠨᠢ ᠤᠬᠠᠭᠠᠯᠠᠨ ᠲᠥᠯᠥᠪᠯᠡᠵᠦ᠂ ᠪᠡᠯᠡ ᠮᠥᠩᠭᠦ ᠴᠢᠷᠮᠠᠶᠢᠨ ᠣᠯᠵᠤ ᠥᠭᠭᠦᠨ᠂ ᠲᠥᠷᠥ ᠶᠢᠨ ᠪᠣᠳᠣᠯᠭ᠎ᠠ ᠶᠢᠨ | ᠠᠰᠢᠭ ᠲᠤᠰᠠ ᠶᠢ ᠠᠵᠤ ᠠᠬᠤᠶᠢᠯᠠᠯ ᠤᠳ ᠤᠨ ︽ᠳᠠᠩᠰᠠᠨ︾ ᠳᠤ᠂ ᠣᠯᠠᠨ ᠲᠦᠮᠡᠨ ᠤ ︽ᠭᠠᠷ︾ ᠲᠤ ᠦᠨᠡᠨ ᠬᠦ ᠣᠷᠣᠭᠤᠯᠬᠤ ᠪᠣᠯᠣᠨ᠎ᠠ᠃ ᠬᠤᠶᠠᠷ ᠲᠤ | ᠪᠣᠳᠠᠲᠠᠢ ᠬᠦᠴᠢᠷ ᠠᠰᠠᠭᠤᠳᠠᠯ ᠤᠳ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠡᠨᠧᠷᠭᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ᠂ ᠪᠡᠯᠡ ᠮᠥᠩᠭᠦ ᠣᠯᠬᠤ ᠵᠡᠷᠭᠡ ᠲᠠᠯ᠎ᠠ ᠪᠠᠷ ᠬᠢ ᠠᠰᠠᠭᠤᠳᠠᠯ ᠬᠦᠴᠢᠷᠳᠡᠯ ᠤᠳ ᠢ ᠨᠢ ᠪᠥᠬᠦ ᠲᠠᠯ᠎ᠠ ᠪᠠᠷ ᠣᠶᠢᠯᠠᠭᠠᠵᠤ᠂ ᠠᠰᠠᠭᠤᠳᠠᠯ ᠤᠨ ᠨᠠᠷᠢᠨ | ᠲᠠᠩᠰᠠ ᠶᠢ ᠪᠣᠶ ᠪᠣᠯᠭᠠᠨ᠂ ᠨᠢᠭᠤᠷᠲᠠᠨ ᠪᠠᠶᠢᠵᠤ ︽ᠨᠢᠭᠡᠳ ᠨᠢᠭᠡ ᠪᠠᠷ︾ ᠠᠰᠠᠭᠤᠳᠠᠯ ᠬᠦᠴᠢᠷᠳᠡᠯ ᠢ ᠨᠢ ᠰᠢᠢᠳᠪᠦᠷᠢᠯᠡᠨ᠎ᠡ᠂ ᠠᠵᠤ ᠠᠬᠤᠶᠢᠯᠠᠯ ᠯᠤᠭ᠎ᠠ ᠨᠡᠪᠲᠡᠷᠡᠯᠴᠡᠵᠦ | ᠬᠠᠷᠢᠯᠴᠠᠬᠤ ᠪᠠᠶᠢᠩᠭᠤᠰᠢᠭᠰᠠᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠳ ᠤᠨ ᠲᠤᠰᠬᠠᠭᠰᠠᠨ ᠠᠰᠠᠭᠤᠳᠠᠯ ᠤᠳ ᠢ ᠴᠠᠭ ᠲᠤᠬᠠᠢ ᠳᠤ ᠨᠢ | ᠭᠥᠯᠢᠶᠡᠨ ᠠᠪᠴᠤ ᠰᠢᠢᠳᠪᠦᠷᠢᠯᠡᠵᠦ᠂ ᠲᠦᠷᠭᠡᠨ ᠰᠢᠯᠵᠢᠭᠦᠯᠵᠦ ᠭᠦᠢᠴᠡᠳᠬᠡᠨ᠂ ᠮᠥᠷᠳᠡᠵᠦ ᠪᠠᠶᠢᠭᠠᠳ ᠬᠠᠷᠢᠭᠤ ᠲᠤᠰᠬᠠᠨ᠎ᠠ᠃ ᠭᠤᠷᠪᠠ ᠳᠤ ᠦᠢᠯᠡᠴᠢᠯᠡᠭᠡᠨ ᠤ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠡᠨᠧᠷᠭᠢ ᠠᠷᠪᠢᠯᠠᠬᠤ ᠶᠢ ᠨᠢ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠨᠧᠷᠭᠢ ᠶᠢᠨ | ᠠᠰᠢᠭᠯᠠᠮᠵᠢ ᠶᠢ ᠬᠠᠷᠭᠤᠭᠤᠯᠤᠨ ᠪᠠᠶᠢᠴᠠᠭᠠᠬᠤ ᠠᠵᠢᠯ ᠯᠤᠭ᠎ᠠ ᠤᠶᠠᠯᠳᠤᠭᠤᠯᠤᠨ᠂ ᠥᠭᠡᠷᠡᠴᠢᠯᠡᠨ ᠰᠢᠨᠡᠴᠢᠯᠡᠬᠦ ᠬᠦᠰᠡᠯᠲᠡ ᠲᠠᠢ ᠠᠵᠤ ᠠᠬᠤᠶᠢᠯᠠᠯ ᠪᠠᠶᠢᠪᠠᠯ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠢ ᠨᠢ ᠲᠥᠯᠥᠪᠯᠡᠨ ᠵᠣᠬᠢᠶᠠᠵᠤ᠂ ᠲᠥᠷᠥᠯ ᠵᠦᠢᠯ ᠢ ᠨᠢ ᠤᠬᠠᠭᠠᠯᠠᠨ ᠲᠥᠯᠥᠪᠯᠡᠵᠦ᠂ ᠲᠥᠷᠥᠯ ᠵᠦᠢᠯ ᠤᠨ ᠨᠥᠭᠡᠴᠡ ᠶᠢᠨ | ᠨᠠᠷᠢᠨ ᠳᠠᠩᠰᠠ ᠶᠢ ᠨᠢ ᠪᠣᠶ ᠪᠣᠯᠭᠠᠨ ᠥᠭᠴᠦ᠂ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠳ᠋ᠯᠡᠪᠡᠰᠦ ᠵᠣᠬᠢᠬᠤ | ᠪᠣᠯᠭᠠᠨ ᠢ ᠨᠢ ᠴᠥᠮ ᠡᠳ᠋ᠯᠡᠭᠦᠯᠬᠦ ᠶᠢ ᠦᠨᠡᠨ ᠬᠦ ᠪᠠᠲᠤᠯᠠᠨ᠎ᠠ᠃ | |