ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠥᠪᠥᠷ ᠮᠣᠩᠭᠤᠯ ᠬᠢᠭᠡᠳ ᠵᠠᠯᠠᠭᠤᠴᠤᠳ ᠢ ᠬᠤᠯᠪᠣᠬᠤ ︽ᠬᠡᠯᠬᠢᠶ᠎ᠡ︾ ᠪᠣᠯᠪᠠ
ᠨᠡᠶᠢᠲᠡᠯᠡᠭᠰᠡᠨ ᠴᠠᠭ᠄
2025/2/24
   ︽ᠪᠢ ᠠᠩᠬ᠎ᠠ ᠥᠪᠥᠷ ᠮᠣᠩᠭᠤᠯ ᠳᠤ ᠢᠷᠡᠵᠦ ᠦᠢᠯᠡᠰ ᠪᠣᠰᠬᠠᠬᠤ ᠦᠶ᠎ᠡ ᠳᠤ᠂ ᠲᠦᠷᠢᠶᠡᠰᠦᠨ ᠮᠥᠩᠭᠦ᠂ ᠤᠰᠤ᠂ ᠴᠠᠭᠢᠯᠭᠠᠨ ᠵᠡᠷᠭᠡ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭᠰᠠᠨ ᠢᠶᠠᠷ ᠪᠠᠷᠠᠬᠤ ᠦᠭᠡᠢ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠪᠠᠰᠠ ᠡᠯ᠎ᠡ ᠵᠦᠢᠯ ᠤᠨ ᠭᠠᠷ ᠭᠦᠢᠴᠡᠳᠬᠡᠯ ᠢ ᠢᠳᠡᠪᠬᠢᠲᠡᠢ ᠬᠠᠪᠰᠤᠷᠤᠨ ᠭᠦᠢᠴᠡᠳᠬᠡᠵᠦ᠂ ᠮᠢᠨᠤ ᠰᠠᠨᠠᠭᠠᠰᠢᠷᠠᠯ ᠵᠣᠪᠠᠨᠢᠯ ᠢ ᠠᠷᠢᠯᠭᠠᠵᠤ᠂ ᠨᠠᠳᠠ ᠳᠤ ᠴᠢᠩ ᠰᠡᠳᠬᠢᠯ ᠤᠨ ᠬᠠᠪᠰᠤᠷᠤᠯᠭ᠎ᠠ ᠪᠠ ᠬᠠᠯᠠᠮᠵᠢᠯᠠᠯ ᠦᠵᠡᠭᠦᠯᠦᠭᠰᠡᠨ︾ ᠭᠡᠵᠦ ᠪᠡᠭᠡᠵᠢᠩ ᠤᠨ ᠾᠧᠩ ᠳ᠋ᠦ᠋ ︵ᠭᠦᠭᠡᠬᠤᠲᠠ︶ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠭᠦᠢᠴᠡᠳᠬᠡᠬᠦ ᠡᠷᠭᠢᠯᠡᠭᠴᠢ ᠭᠤᠤ ᠸᠧᠢ ᠶᠠᠷᠢᠨ᠎ᠠ᠃ 2022 ᠣᠨ ᠳᠤ ᠲᠡᠷᠡ ᠪᠡᠭᠡᠵᠢᠩ ᠳᠤ ᠠᠷᠪᠠ ᠭᠠᠷᠤᠢ ᠵᠢᠯ ᠲᠡᠮᠡᠴᠡᠵᠦ ᠪᠠᠶᠢᠭᠠᠳ ᠬᠤᠷᠠᠮᠳᠤᠭᠤᠯᠤᠭᠰᠠᠨ ᠡᠬᠢ ᠪᠠᠶᠠᠯᠢᠭ ᠢᠶᠠᠨ ᠲᠠᠶᠠᠭᠳᠠᠵᠤ᠂ ᠥᠪᠥᠷ ᠮᠣᠩᠭᠤᠯ ᠳᠤ ᠢᠷᠡᠵᠦ ᠦᠢᠯᠡᠰ ᠪᠣᠰᠬᠠᠬᠤ ᠠᠶᠠᠨ ᠢᠶᠠᠨ ᠡᠬᠢᠯᠡᠭᠦᠯᠵᠡᠢ᠃    ᠡᠨᠡ ᠬᠦ ᠰᠣᠩᠭᠤᠯᠲᠠ ᠶᠢᠨ ᠠᠷᠤ ᠳᠤ ᠥᠪᠥᠷ ᠮᠣᠩᠭᠤᠯ ᠤᠨ ᠮᠠᠰᠢ ᠶᠡᠭᠡ ᠲᠠᠲᠠᠬᠤ ᠬᠦᠴᠦᠨ ᠲᠠᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠪᠤᠢ᠂ ᠲᠡᠷᠡ ᠨᠢ ᠶᠠᠭ ᠨᠢᠭᠡ ᠬᠦᠴᠦᠲᠦ ᠰᠣᠷᠢᠨᠵᠢᠨ ᠰᠢᠭ᠋ ᠢᠶᠠᠷ ᠭᠤᠤ ᠸᠧᠢ ᠮᠡᠲᠦ ᠶᠢᠨ ᠬᠦᠰᠡᠯ ᠵᠡᠭᠦᠳᠦ ᠪᠠ ᠬᠠᠷᠠᠯᠲᠠ ᠵᠣᠷᠢᠯᠲᠠ ᠲᠠᠢ ᠵᠠᠯᠠᠭᠤᠴᠤᠳ ᠢ ᠬᠦᠰᠡᠯ ᠡᠷᠡᠮᠡᠯᠵᠡᠯ ᠢᠶᠠᠷ ᠪᠢᠯᠬᠠᠭᠰᠠᠨ ᠡᠨᠡ ᠬᠦ ᠡᠬᠡ ᠭᠠᠵᠠᠷ ᠲᠤ ᠢᠷᠡᠭᠦᠯᠵᠦ᠂ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠢ ᠥᠷᠭᠡᠨ ᠤᠯᠠᠨ ᠵᠠᠯᠠᠭᠤᠴᠤᠳ ᠲᠠᠢ ᠨᠢᠭᠲᠠ ᠬᠤᠯᠪᠣᠵᠤ᠂ ᠥᠭᠡᠳᠡ ᠥᠭᠡᠳᠡ ᠠᠴᠠ ᠪᠠᠨ ᠲᠡᠮᠡᠦᠯᠬᠦ ᠶᠢ ᠪᠡᠶᠡᠯᠡᠭᠦᠯᠪᠡ᠃    ᠵᠠᠯᠠᠭᠤᠴᠤᠳ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠴᠦᠨ ᠪᠠ ᠲᠤᠯᠭᠠᠭᠤᠷᠢ ᠬᠦᠴᠦᠨ ᠮᠥᠨ᠃ ᠲᠤᠶᠢᠯ ᠤᠨ ᠶᠡᠭᠡ ᠲᠠᠲᠠᠬᠤ ᠬᠦᠴᠦᠨ ᠲᠠᠢ ᠲᠦᠷᠦ ᠶᠢᠨ ᠪᠣᠳᠣᠯᠭ᠎ᠠ᠂ ᠳᠣᠲᠣᠨᠣ ᠬᠠᠯᠠᠮᠵᠢᠯᠠᠯ ᠪᠣᠯᠣᠨ ᠪᠦᠷᠢᠨ ᠲᠡᠭᠦᠯᠳᠡᠷ ᠬᠥᠮᠥᠵᠢᠭᠦᠯᠬᠦ ᠰᠢᠰᠲ᠋ᠧᠮ ᠪᠠᠶᠢᠮᠠᠨᠵᠢᠨ ᠰᠠᠶ᠋ᠢ ᠨᠡᠩ ᠤᠯᠠᠨ ᠵᠠᠯᠠᠭᠤᠴᠤᠳ ᠢ ᠦᠯᠡᠳᠡᠭᠡᠵᠦ ᠪᠠᠷᠠᠭᠤᠨ ᠣᠷᠣᠨ ᠳᠤ ᠦᠨᠳᠦᠰᠦᠯᠡᠭᠦᠯᠵᠦ᠂ ᠥᠪᠥᠷ ᠮᠣᠩᠭᠤᠯ ᠤᠨ ᠬᠥᠭᠵᠢᠯᠲᠡ ᠶᠢᠨ ᠭᠠᠯ ᠬᠠᠯᠠᠭᠤᠨ ᠬᠠᠨᠳᠤᠰᠢ ᠶᠢ ᠦᠷᠭᠦᠯᠵᠢᠯᠡᠭᠦᠯᠵᠦ ᠴᠢᠳᠠᠨ᠎ᠠ ᠭᠡᠳᠡᠭ ᠢ ᠥᠪᠥᠷ ᠮᠣᠩᠭᠤᠯ ᠭᠦᠨ ᠣᠶᠢᠯᠠᠭᠠᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠦᠨᠡᠯᠡᠬᠦ᠂ ᠤᠷᠮᠠᠰᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠣᠷᠣᠨ ᠨᠤᠲᠤᠭ ᠤᠨ ᠣᠨᠴᠠᠯᠢᠭ ᠲᠠᠢ᠂ ᠪᠣᠳᠠᠲᠠᠢ ᠶᠢ ᠡᠷᠬᠢᠮᠯᠡᠭᠰᠡᠨ ᠬᠡᠷᠡᠭᠴᠡᠭᠡ ᠲᠠᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠳᠤ ᠥᠷᠭᠡᠨ ᠠᠭᠤᠳᠠᠮ ᠲᠠᠪᠴᠠᠩ ᠬᠠᠩᠭᠠᠵᠠᠢ᠃ ᠢᠯᠠᠩᠭᠤᠶ᠎ᠠ 2024 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽︿ᠴᠢᠳᠠᠪᠤᠷᠢᠲᠠᠨ ᠢᠶᠠᠷ ᠥᠪᠥᠷ ᠮᠣᠩᠭᠤᠯ ᠢ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾᠎ ᠢ ᠨᠡᠶᠢᠲᠡᠯᠡᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ ᠢᠨᠵᠧᠨᠧᠷᠢᠩ ᠢ ᠪᠦᠭᠦ ᠲᠠᠯ᠎ᠠ ᠪᠠᠷ ︽ᠴᠢᠳᠠᠪᠤᠷᠢᠲᠠᠨ ᠢᠶᠠᠷ ᠥᠪᠥᠷ ᠮᠣᠩᠭᠤᠯ ᠢ ᠮᠠᠨᠳᠤᠭᠤᠯᠬᠤ︾ ᠢᠨᠵᠧᠨᠧᠷᠢᠩ ᠪᠣᠯᠭᠠᠨ ᠲᠠᠰ ᠳᠡᠪᠰᠢᠭᠦᠯᠦᠭᠰᠡᠨ ᠨᠢ ᠴᠢᠳᠠᠪᠤᠷᠢᠲᠠᠨ ᠢ ᠬᠦᠨᠳᠦᠳᠬᠡᠬᠦ᠂ ᠬᠠᠶᠢᠷᠠᠯᠠᠬᠤ ᠶᠢ ᠤᠯᠠᠮ ᠲᠣᠳᠣ ᠢᠯᠡᠷᠡᠭᠦᠯᠪᠡ᠃    ᠦᠢᠯᠡᠰ ᠪᠣᠰᠬᠠᠬᠤ ᠡᠬᠢᠨ ᠤ ᠬᠤᠭᠤᠴᠠᠭᠠᠨ ᠳᠤ ᠪᠣᠯᠪᠠᠰᠤᠷᠠᠯ ᠬᠦᠷᠲᠡᠵᠦ᠂ ᠭᠡᠷ ᠲᠦᠷᠢᠶᠡᠰᠦᠯᠡᠬᠦ ᠭᠡᠷ ᠬᠤᠳᠠᠯᠳᠤᠨ ᠠᠪᠬᠤ ᠳᠤ ᠨᠥᠬᠦᠪᠦᠷᠢ ᠲᠠᠢ ᠪᠣᠯᠪᠠ ᠁ 2024 ᠣᠨ ᠳᠤ ᠭᠦᠭᠡᠬᠤᠲᠠ ᠶᠢᠨ ᠵᠠᠯᠠᠭᠤ ᠴᠢᠳᠠᠪᠤᠷᠢᠲᠠᠨ ᠳᠤ ᠵᠣᠷᠢᠭᠤᠯᠤᠨ ᠲᠣᠭᠲᠠᠭᠠᠭᠰᠠᠨ ᠠᠯᠢ ᠣᠯᠠᠨ ︽ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠪᠡᠯᠡᠭ︾ ᠎ ᠨᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠬᠤ ᠬᠤᠷᠠᠯ ᠳᠡᠭᠡᠷ᠎ᠡ ᠤᠯᠠᠨ ᠤ ᠠᠩᠬᠠᠷᠤᠯ ᠢ ᠬᠦᠴᠦᠲᠡᠢ ᠲᠠᠲᠠᠪᠠ᠂ ︽10 ᠵᠤᠷᠪᠤᠰ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ︾᠂ ︽ᠴᠢᠳᠠᠪᠤᠷᠢᠲᠠᠨ ᠢ ᠤᠷᠢᠵᠤ ᠴᠢᠳᠠᠪᠤᠷᠢᠲᠠᠨ ᠢ ᠦᠯᠡᠳᠡᠭᠡᠬᠦ 18 ᠵᠤᠷᠪᠤᠰ︾ ᠵᠡᠷᠭᠡ ᠦᠨ᠎ᠡ ᠴᠠᠨ᠎ᠠ ᠲᠠᠢ ᠲᠥᠷᠥ ᠶᠢᠨ ᠪᠣᠳᠣᠯᠭ᠎ᠠ ᠶᠢᠨ ᠢᠵᠢ ᠦᠢᠯᠡᠴᠢᠯᠡᠭᠡ ᠨᠢ ᠦᠢ ᠣᠯᠠᠨ ᠲᠡᠭᠦᠰᠬᠦ ᠣᠶᠤᠲᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃   ︽ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠨᠢ ᠪᠢᠳᠡᠨ ᠤ ᠠᠵᠢᠯ ᠤᠨ ᠢᠶᠠᠨ ᠤᠬᠠᠭᠠᠨ ᠢ ᠣᠯᠬᠤ ᠦᠭᠡᠢ ᠪᠠᠶᠢᠳᠠᠯ ᠢ ᠰᠢᠢᠳᠪᠦᠷᠢᠯᠡᠵᠦ᠂ ᠭᠡᠷ ᠲᠦᠷᠢᠶᠡᠰᠦᠯᠡᠬᠦ ᠭᠡᠷ ᠬᠤᠳᠠᠯᠳᠤᠨ ᠠᠪᠬᠤ ᠨᠥᠬᠦᠪᠦᠷᠢ ᠨᠢ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠡᠢ᠂ ᠡᠨᠡ ᠬᠦ ᠦᠨᠡᠨ ᠪᠣᠳᠠᠲᠠᠢ ᠴᠢᠳᠠᠪᠤᠷᠢᠲᠠᠨ ᠢ ᠤᠷᠢᠬᠤ ᠲᠥᠷᠥ ᠶᠢᠨ ᠪᠣᠳᠣᠯᠭ᠎ᠠ ᠣᠨᠴᠠᠭᠠᠶ ᠲᠠᠲᠠᠬᠤ ᠬᠦᠴᠦᠨ ᠲᠠᠢ ᠪᠠᠶᠢᠨ᠎ᠠ︾ ᠭᠡᠵᠦ ᠠᠵᠢᠯᠲᠠᠨ ᠡᠯᠰᠡᠬᠦ ᠴᠤᠭᠯᠠᠭᠠᠨ ᠤ ᠠᠬᠤᠢ ᠲᠠᠯᠠᠪᠠᠶ ᠳᠠᠬᠢ ᠣᠶᠤᠲᠠᠳ ᠴᠢᠩ ᠰᠡᠳᠬᠢᠯ ᠠᠴᠠ ᠪᠠᠨ ᠮᠠᠭᠲᠠᠨ ᠰᠠᠶᠢᠰᠢᠶᠠᠵᠤ ᠪᠠᠶᠢᠯ᠎ᠠ᠃    ᠡᠭᠦᠨ ᠠᠴᠠ ᠭᠠᠳᠠᠨ᠎ᠠ ᠪᠦᠭᠦ ᠣᠷᠣᠨ ᠤ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠬᠢᠨ ᠵᠠᠯᠭᠠᠭ᠎ᠠ ᠪᠠᠷ ︽ᠴᠢᠳᠠᠪᠤᠷᠢᠲᠠᠨ ᠤᠷᠢᠬᠤ ᠡᠷᠳᠡᠮ︾᠎ ᠢᠶᠠᠨ ᠭᠠᠶᠢᠬᠠᠭᠤᠯᠤᠨ᠎ᠠ᠃ ᠠᠵᠤ ᠠᠬᠤᠶᠢᠯᠠᠯ ᠤᠳ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠰᠢᠩᠭᠡᠬᠡᠨ ᠠᠪᠴᠤ᠂ ᠠᠵᠤ ᠠᠬᠤᠶᠢᠯᠠᠯ ᠳᠤ ᠴᠢᠳᠠᠪᠤᠷᠢᠲᠠᠨ ᠤᠷᠢᠬᠤ ᠬᠥᠳᠡᠯᠭᠡᠬᠦ ᠬᠦᠴᠦᠨ ᠨᠡᠮᠡᠷᠢᠯᠡᠪᠡ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢᠨ ᠨᠥᠬᠦᠪᠦᠷᠢ ᠶᠢ ᠳᠠᠶᠢᠴᠢᠯᠠᠵᠤ᠂ ᠦᠢᠯᠡᠰ ᠪᠣᠰᠬᠠᠭᠴᠢ ᠶᠢᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠪᠡ︔ ᠡᠷᠦᠭᠡ ᠠᠮᠠ ᠶᠢᠨ ᠳᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠠᠭᠤᠰᠤᠯᠴᠠᠯ ᠢ ᠨᠡᠩ ᠳᠥᠭᠦᠮ ᠳᠥᠲᠡ ᠪᠣᠯᠭᠠᠪᠠ ᠁ ᠡᠳᠡᠭᠡᠷ ᠰᠡᠳᠬᠢᠯ ᠢ ᠳᠤᠯᠠᠭᠠᠴᠠᠭᠤᠯᠤᠭᠰᠠᠨ ᠲᠥᠷᠥ ᠶᠢᠨ ᠪᠣᠳᠣᠯᠭ᠎ᠠ ᠨᠢ ᠥᠷᠭᠡᠨ ᠣᠯᠠᠨ ᠵᠠᠯᠠᠭᠤ ᠴᠢᠳᠠᠪᠤᠷᠢᠲᠠᠨ ᠳᠤ ︽ᠤᠮᠠᠷᠠᠲᠤ ᠬᠢᠯᠢ ᠶᠢᠨ ᠡᠷᠬᠢᠮ ᠬᠠᠷᠠᠭᠠᠯᠵᠠᠯ︾᠎ ᠢ ᠭᠦᠢᠴᠡᠳ ᠡᠳ᠋ᠯᠡᠭᠦᠯᠵᠦ᠂ ᠥᠪᠥᠷ ᠮᠣᠩᠭᠤᠯ ᠤᠨ ᠴᠢᠩ ᠰᠡᠳᠬᠢᠯ ᠪᠣᠯᠣᠨ ᠬᠠᠯᠠᠭᠤᠨ ᠰᠠᠨᠠᠭ᠎ᠠ ᠶᠢ ᠮᠡᠳᠡᠷᠡᠭᠦᠯᠵᠦ ᠪᠠᠶᠢᠨ᠎ᠠ᠃    ᠤᠶᠠᠩᠭᠠᠲᠤ ᠮᠣᠳᠣ ᠪᠠᠨ ᠵᠠᠶᠢᠯᠠᠵᠤ᠂ ᠭᠠᠷᠤᠳᠢ ᠭᠠᠯᠪᠢᠩᠭ᠎ᠠ ᠶᠢ ᠬᠦᠯᠢᠶᠡᠮᠦᠢ᠃ ᠡᠬᠡ ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠲᠦᠷᠦ ᠶᠢᠨ ᠪᠣᠳᠣᠯᠭ᠎ᠠ ᠲᠠᠢ᠂ ᠦᠢᠯᠡᠴᠢᠯᠡᠭᠡ ᠲᠠᠢ᠂ ᠵᠠᠬ᠎ᠠ ᠳᠡᠯᠭᠡᠭᠦᠷ ᠲᠠᠢ᠂ ᠠᠵᠤ ᠦᠢᠯᠡᠰ ᠲᠠᠢ ᠪᠠᠶᠢᠵᠤ᠂ ᠠᠯᠢ ᠬᠡᠳᠦᠶᠢᠨ ᠵᠠᠯᠠᠭᠤ ᠴᠢᠳᠠᠪᠤᠷᠢᠲᠠᠳ ᠤᠨ ᠦᠢᠯᠡᠰ ᠪᠣᠰᠬᠠᠵᠤ ᠦᠢᠯᠡᠰ ᠡᠷᠭᠢᠯᠡᠭᠦ ᠬᠠᠯᠠᠭᠤᠨ ᠬᠥᠷᠥᠰᠥ ᠪᠣᠯᠵᠠᠢ᠃ ︽ᠥᠨᠥᠳᠥᠷ ᠤᠨ ᠥᠪᠥᠷ ᠮᠣᠩᠭᠤᠯ ᠳᠤ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠴᠢᠳᠠᠪᠤᠷᠢᠲᠠᠨ ᠱᠠᠭᠠᠷᠳᠠᠭᠳᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ᠱᠦᠵᠢ ᠴᠢᠶᠣᠤ ᠯᠢ ᠬᠡᠯᠡᠪᠡ᠃    ᠵᠠᠯᠠᠭᠤᠴᠤᠳ ᠠᠵᠠ ᠲᠣᠭᠢᠶᠠᠯ ᠢᠶᠠᠷ ᠤᠴᠠᠷᠠᠨ ᠵᠣᠯᠭᠠᠵᠤ᠂ ᠪᠠᠷᠠᠭᠤᠨ ᠣᠷᠣᠨ ᠤ ᠬᠢᠨ ᠠᠮᠢᠵᠢᠷᠠᠯ ᠤᠨ ᠬᠦᠴᠦᠨ ᠢᠶᠠᠷ ᠬᠥᠭᠵᠢᠨ ᠴᠡᠴᠡᠭᠯᠡᠨ᠎ᠡ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ︽ᠪᠠᠷᠠᠭᠤᠨ ᠣᠷᠣᠨ ᠤ ᠲᠥᠯᠥᠪᠯᠡᠭᠡ︾᠂ ︽ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾᠂ ︽ᠣᠶᠤᠲᠠᠨ ᠬᠥᠳᠡᠭᠡ ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ︾ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠨᠢ ᠴᠦ ᠦᠢ ᠣᠯᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠪᠡᠷᠮᠢᠴᠡ ᠦᠰᠦᠨ ᠪᠣᠶᠢᠵᠢᠬᠤ ᠵᠠᠮ ᠱᠤᠭᠤᠮ ᠢ ᠡᠭᠦᠳᠦᠨ ᠥᠭᠴᠦ᠂ ᠥᠪᠥᠷ ᠮᠣᠩᠭᠤᠯ ᠬᠢᠭᠡᠳ ᠦᠢ ᠣᠯᠠᠨ ᠵᠠᠯᠠᠭᠤᠴᠤᠳ ᠤᠨ ᠥᠭᠡᠳᠡ ᠥᠭᠡᠳᠡ ᠠᠴᠠ ᠪᠠᠨ ᠲᠡᠮᠡᠦᠯᠬᠦ ᠬᠠᠮᠤᠭ ᠤᠨ ᠰᠠᠶᠢᠨ ᠰᠠᠶᠢᠬᠠᠨ ᠢ ᠭᠡᠷᠡᠴᠢᠯᠡᠵᠦ ᠪᠠᠶᠢᠨ᠎ᠠ᠃ 2003 ᠣᠨ ᠠᠴᠠ ᠨᠠᠭᠠᠰᠢ᠂ ᠨᠡᠶᠢᠳᠡ 16831 ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠥᠪᠥᠷ ᠮᠣᠩᠭᠤᠯ ᠳᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠰᠠᠭᠤᠷᠢ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ 6000 ᠭᠠᠷᠤᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠳᠤ ᠦᠯᠡᠳᠡᠵᠦ ᠠᠵᠢᠯᠯᠠᠬᠤ ᠶᠢ ᠰᠣᠩᠭᠤᠵᠠᠢ᠃    ᠵᠠᠩ ᠢᠦᠢ ᠪᠣᠯ ᠲᠡᠲᠡᠨ ᠤ ᠳᠤᠮᠳᠠᠬᠢ ᠨᠢᠭᠡ ᠭᠡᠰᠢᠭᠦᠨ ᠶᠤᠮ᠃ 9 ᠵᠢᠯ ᠤᠨ ᠡᠮᠦᠨ᠎ᠡ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠠᠰᠫᠢᠷᠠᠨᠲ ᠤᠨ ᠰᠤᠷᠭᠠᠨ ᠬᠥᠮᠦᠵᠢᠯ ᠢ ᠳᠡᠮᠵᠢᠬᠦ ᠪᠦᠯᠭᠦᠮ ᠤᠨ ᠳᠠᠷᠤᠭ᠎ᠠ ᠵᠠᠩ ᠢᠦᠢ ᠪᠠᠷᠠᠭᠤᠨ ᠣᠷᠣᠨ ᠤ ᠲᠥᠯᠥᠪᠯᠡᠭᠡ ᠶᠢᠨ ᠲᠥᠷᠥᠯ ᠵᠦᠢᠯ ᠢᠶᠠᠷ ᠳᠠᠮᠵᠢᠨ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ ᠰᠤᠷᠭᠠᠨ ᠬᠥᠮᠦᠵᠢᠯ ᠢ ᠳᠡᠮᠵᠢᠬᠦ ᠪᠠᠷ ᠢᠷᠡᠪᠡ᠃ 2023 ᠣᠨ ᠳᠤ᠂ ᠵᠠᠩ ᠢᠦᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠤᠸᠠ ᠲᠤᠭᠤᠯ ᠪᠠᠯᠭᠠᠰᠤᠨ ᠤ ᠬᠠᠨ ᠵᠢᠶᠠ ᠸᠧ ᠫᠦ᠋ ᠭᠠᠴᠠᠭ᠎ᠠ ᠳᠤ ᠬᠦᠷᠴᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠥᠭᠡᠳ ᠠᠵᠢᠯᠯᠠᠬᠤ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠬᠠᠨ ᠵᠢᠶᠠ ᠸᠧ ᠫᠦ᠋ ᠭᠠᠴᠠᠭᠠᠨ ᠤ ᠳᠠᠭᠢᠨ ᠶᠠᠳᠠᠭᠤᠷᠠᠬᠤ ᠶᠢ ᠬᠢᠨᠠᠨ ᠬᠡᠮᠵᠢᠬᠦ ᠡᠲᠡᠭᠡᠳ ᠤᠨ ᠳᠠᠭᠢᠨ ᠶᠠᠳᠠᠭᠤᠷᠠᠬᠤ ᠠᠶᠤᠯ ᠲᠦᠭᠰᠢᠭᠦᠷᠢ ᠠᠷᠢᠯᠤᠭᠰᠠᠨ ᠤ ᠳᠠᠷᠠᠭ᠎ᠠ᠂ ᠵᠠᠩ ᠢᠦᠢ 2024 ᠣᠨ ᠤ 10 ᠰᠠᠷ᠎ᠠ ᠳᠤ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠨᠥᠬᠦᠴᠡᠯ ᠢᠶᠠᠷ ᠨᠠᠩ ᠬᠠᠲᠠᠭᠤᠵᠢᠯᠲᠠᠢ ᠰᠢᠳᠠᠢ ᠰᠤᠮᠤ ᠶᠢᠨ ᠪᠠᠷᠠᠭᠤᠨ ᠮᠣᠳᠣ ᠭᠠᠴᠠᠭ᠎ᠠ ᠳᠤ ᠣᠴᠢᠪᠠ᠃    ᠵᠠᠩ ᠢᠦᠢ᠄ ︽ᠮᠢᠨᠤ ᠥᠪᠥᠷ ᠮᠣᠩᠭᠤᠯ ᠯᠤᠭ᠎ᠠ ᠶᠢᠨ ᠬᠤᠪᠢ ᠪᠠᠷᠢᠯᠳᠤᠯᠭ᠎ᠠ ᠪᠠᠷᠠᠭᠤᠨ ᠣᠷᠣᠨ ᠤ ᠲᠥᠯᠥᠪᠯᠡᠭᠡ ᠠᠴᠠ ᠢᠷᠡᠯᠲᠡ ᠲᠠᠢ᠂ ᠡᠳᠡᠭᠡᠷ ᠵᠢᠯ ᠤᠳ ᠲᠤ᠂ ᠥᠪᠥᠷ ᠮᠣᠩᠭᠤᠯ ᠮᠢᠨᠤ ᠦᠰᠦᠨ ᠪᠤᠶᠢᠵᠢᠯᠲᠠ ᠶᠢ ᠭᠡᠷᠡᠴᠢᠯᠡᠭᠰᠡᠨ ᠶᠤᠮ᠂ ᠪᠢ ᠪᠠᠰᠠ ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠪᠢᠷᠠᠯᠲᠠ ᠶᠢ ᠨᠢᠳᠦ ᠪᠠᠷ ᠢᠶᠠᠨ ᠦᠵᠡᠵᠦ᠂ ᠠᠷᠠᠳ ᠲᠦᠮᠡᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠬᠤ ᠶᠢ ᠬᠠᠷᠠᠭᠠᠳ ᠬᠦᠴᠦ ᠬᠥᠯᠥᠰᠦ ᠤᠷᠤᠰᠬᠠᠭᠰᠠᠨ ᠮᠠᠨᠢ ᠪᠡᠨ᠎ᠡ ᠲᠠᠢ ᠭᠡᠵᠦ ᠪᠤᠳᠤᠵᠦ ᠪᠠᠶᠢᠨ᠎ᠠ︾ ᠭᠡᠪᠡ᠃    ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ ᠮᠡᠷᠭᠡᠵᠢᠯ ᠤᠨ ᠠᠮᠢᠳᠤᠷᠠᠯ ᠤᠨ ᠰᠤᠷᠭᠠᠨ ᠬᠥᠮᠦᠵᠢᠯ ᠪᠠ ᠠᠵᠢᠯ ᠣᠯᠭᠤᠯᠲᠠ ᠶᠢ ᠵᠢᠯᠤᠭᠤᠳᠬᠤ ᠬᠢᠴᠢᠶᠡᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠤᠯᠤᠰ ᠤᠨ ᠣᠶᠤᠲᠠᠳ ᠤᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠢ ᠰᠠᠶᠢᠲᠤᠷ ᠡᠷᠭᠢᠯᠡᠵᠦ᠂ ᠠᠵᠢᠯ ᠣᠯᠭᠤᠯᠲᠠ ᠪᠠ ᠬᠥᠮᠥᠨ ᠬᠥᠮᠥᠵᠢᠭᠦᠯᠬᠦ ᠰᠢᠷᠢᠰ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠶᠤᠲᠠᠳ ᠤᠨ ᠠᠵᠢᠯ ᠮᠡᠷᠭᠡᠵᠢᠯ ᠤᠨ ᠠᠮᠢᠳᠤᠷᠠᠯ ᠤᠨ ᠲᠥᠯᠦᠪᠵᠢᠭᠦᠯᠭᠡ ᠶᠢᠨ ᠤᠬᠠᠮᠰᠠᠷ ᠪᠠ ᠠᠵᠢᠯ ᠡᠷᠢᠬᠦ ᠦᠢᠯᠡᠳᠦᠯᠭᠡ ᠶᠢᠨ ᠴᠢᠳᠠᠪᠤᠷᠢ ᠶᠢ ᠨᠡᠮᠡᠭᠳᠡᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠤᠨ ᠡᠷᠭᠢᠯᠡᠭᠴᠢ ᠢᠦᠢ ᠷᠦᠩ ᠵᠢᠤᠸᠠᠨ᠂ ᠵᠠᠯᠭᠠᠭᠠᠳ ︽ᠶᠡᠭᠡ ᠳᠡᠭᠡᠳᠦ ᠰᠤᠷᠭᠠᠭᠤᠯᠢ ᠶᠢᠨ ᠱᠦᠵᠢ ᠰᠤᠷᠭᠠᠭᠤᠯᠢ ᠶᠢᠨ ᠵᠠᠬᠢᠷᠤᠯ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ︾ ᠵᠡᠷᠭᠡ ᠠᠵᠢᠯᠯᠠᠭ᠎ᠠ ᠶᠢ ᠭᠦᠨᠵᠡᠭᠡᠢ ᠠᠬᠢᠭᠤᠯᠬᠤ ᠰᠠᠭᠤᠷᠢᠨ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠠᠵᠢᠯ ᠲᠥᠷᠥᠯ ᠤᠨ ᠬᠥᠮᠥᠨ ᠬᠡᠷᠡᠭᠯᠡᠬᠦ ᠬᠡᠷᠡᠭᠴᠡᠭᠡ ᠶᠢ ᠣᠶᠢᠯᠠᠭᠠᠵᠤ᠂ ︽ᠲᠦᠮᠡᠨ ᠠᠵᠤ ᠠᠬᠤᠶᠢᠯᠠᠯ ᠰᠤᠷᠭᠠᠭᠤᠯᠢ ᠶᠢᠨ ᠬᠦᠷᠢᠶᠡᠨ ᠳᠤ ᠣᠷᠣᠬᠤ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠢᠯ ᠲᠥᠷᠥᠯ ᠬᠤᠪᠢᠶᠠᠭᠰᠠᠨ᠂ ᠲᠠᠰ ᠳᠠᠪᠬᠤᠷᠭ᠎ᠠ ᠬᠤᠪᠢᠶᠠᠭᠰᠠᠨ᠂ ᠭᠠᠵᠠᠷ ᠣᠷᠣᠨ ᠠᠯᠤᠰᠯᠠᠭᠰᠠᠨ ᠠᠵᠢᠯᠲᠠᠨ ᠡᠯᠰᠡᠬᠦ ᠠᠵᠢᠯᠯᠠᠭ᠎ᠠ ᠶᠢ ᠣᠯᠠᠨ ᠤᠳᠠᠭ᠎ᠠ ᠡᠷᠭᠢᠯᠡᠵᠦ᠂ ᠲᠡᠭᠦᠰᠬᠦ ᠰᠤᠷᠤᠬᠴᠢᠳ ᠤᠨ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠤᠨ᠎ᠠ ᠭᠡᠵᠦ ᠢᠯᠡᠳᠬᠡᠪᠡ᠃    ᠡᠳᠦᠭᠡ ᠥᠪᠥᠷ ᠮᠣᠩᠭᠤᠯ ᠶᠠᠭ ᠨᠢᠭᠡ ᠨᠢ ᠨᠢᠭᠡ ᠲᠠᠢ ᠪᠠᠨ ᠬᠤᠯᠪᠣᠯᠳᠤᠭᠰᠠᠨ ᠠᠯᠢ ᠤᠯᠠᠨ ᠠᠷᠭ᠎ᠠ ᠬᠡᠮᠵᠢᠶ᠎ᠡ ᠪᠠᠷ ᠵᠠᠯᠠᠭᠤ ᠴᠢᠳᠠᠪᠤᠷᠢᠲᠠᠨ ᠳᠤ ᠪᠦᠭᠦ ᠲᠠᠯ᠎ᠠ ᠪᠠᠷ ᠦᠢᠯᠡᠴᠢᠯᠡᠵᠦ ᠪᠠᠶᠢᠨ᠎ᠠ᠃ ᠨᠡᠩ ᠤᠯᠠᠨ ᠵᠠᠯᠠᠭᠤᠴᠤᠳ ᠬᠥᠮᠥᠨ ᠤ ᠠᠮᠢᠳᠤᠷᠠᠯ ᠤᠨ ᠪᠠᠶᠢᠷᠢᠰᠢᠯ ᠢᠶᠠᠨ ᠥᠪᠥᠷ ᠮᠣᠩᠭᠤᠯ ᠳᠤ ᠲᠣᠭᠲᠠᠭᠠᠵᠤ᠂ ᠵᠠᠯᠠᠭᠤ ᠨᠠᠰᠤ ᠪᠠ ᠬᠠᠯᠠᠭᠤᠨ ᠴᠢᠰᠤ᠂ ᠮᠡᠳᠡᠯᠭᠡ ᠪᠠ ᠤᠶᠤᠨ ᠤᠬᠠᠭᠠᠨ ᠢᠶᠠᠷ ᠢᠶᠠᠨ ᠡᠬᠡ ᠤᠯᠤᠰ ᠤᠨ ᠪᠠᠷᠠᠭᠤᠨ ᠣᠷᠣᠨ ᠤ ᠥᠩ ᠰᠢᠮᠡᠯᠢᠭ ᠬᠥᠷᠥᠰᠥ ᠰᠢᠷᠣᠢ ᠶᠢ ᠤᠮᠳᠠᠯᠠᠵᠤ᠂ ᠵᠠᠯᠠᠭᠤᠴᠤᠳ ᠪᠠ ᠭᠠᠵᠠᠷ ᠣᠷᠣᠨ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠠᠮᠲᠤ ᠪᠠᠷ ᠬᠥᠭᠵᠢᠭᠰᠡᠨ ᠰᠠᠶᠢᠨ ᠰᠠᠶᠢᠬᠠᠨ ᠡᠪᠬᠡᠮᠡᠯ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ